ᠡᠨᠡ ᠵᠢᠯ ᠠᠷᠪᠠᠨ ᠲᠠᠪᠤᠳᠤᠭᠠᠷ ᠲᠠᠪᠤᠨ ᠵᠢᠯ ᠤᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠥᠷᠨᠢᠭᠦᠯᠬᠦ ᠪᠣᠯᠣᠨ᠎ᠠ᠃ ᠠᠷᠪᠠᠨ ᠲᠠᠪᠤᠳᠤᠭᠠᠷ | ᠲᠠᠪᠤᠨ ᠵᠢᠯ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠰᠢᠨ᠎ᠡ ᠱᠠᠲᠤ ᠥᠶᠡᠴᠢ ᠴᠢᠨᠠᠷᠲᠠᠢ ᠣᠨᠴᠠᠯᠢᠭ ᠢ ᠭᠦᠨᠵᠡᠭᠡᠢ ᠵᠠᠳᠠᠯᠵᠤ᠂ ᠬᠥᠭᠵᠢᠯᠲᠡ ᠶᠢᠨ | ᠬᠠᠷᠠᠯᠲᠠ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠡᠭᠦᠷᠭᠡ᠂ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ | ᠠᠷᠭ᠎ᠠ ᠬᠡᠮᠵᠢᠶ᠎ᠡ᠂ ᠴᠢᠬᠤᠯᠠ ᠶᠡᠭᠡ ᠢᠨᠵᠧᠨᠧᠷᠢᠩ ᠤᠨ ᠲᠥᠰᠥᠯ ᠢ ᠰᠠᠶᠢᠲᠤᠷ ᠤᠬᠠᠭᠠᠯᠠᠨ ᠲᠥᠯᠥᠪᠯᠡᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠭᠦ | ᠲᠥᠯᠦᠪᠵᠢᠭᠦᠯᠭᠡ ᠶᠢᠨ ᠬᠥᠲᠥᠯᠥᠨ ᠵᠢᠯᠤᠭᠤᠳᠬᠤ ᠦᠢᠯᠡᠳᠦᠯ ᠢ ᠨᠡᠩ ᠰᠠᠶᠢᠨ ᠪᠠᠳᠠᠷᠠᠭᠤᠯᠬᠤ ᠬᠡᠷᠡᠭᠲᠡᠢ᠃ | ᠰᠢᠨ᠎ᠡ ᠰᠢᠯᠭᠠᠯᠲᠠ ᠶᠢ ᠠᠷᠭᠠᠴᠠᠵᠤ᠂ ᠰᠢᠨ᠎ᠡ ᠡᠭᠦᠷᠭᠡ ᠶᠢ ᠪᠡᠶᠡᠯᠡᠭᠦᠯᠬᠦ ᠨᠢ ᠵᠠᠰᠠᠭ ᠤᠨ ᠣᠷᠳᠣᠨ ᠤ ᠠᠵᠢᠯ ᠳᠤ ᠨᠡᠩ ᠥᠨᠳᠥᠷ ᠰᠢᠨ᠎ᠡ ᠱᠠᠭᠠᠷᠳᠠᠯᠭ᠎ᠠ | ᠳᠤᠷᠠᠳᠪᠠ᠃ ᠡᠯ᠎ᠡ ᠱᠠᠲᠤᠨ ᠤ ᠵᠠᠰᠠᠭ ᠤᠨ ᠣᠷᠳᠣᠨ ᠵᠢᠴᠢ ᠵᠠᠰᠠᠭ ᠤᠨ ᠣᠷᠳᠣᠨ ᠤ ᠠᠵᠢᠯᠲᠠᠨ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ | ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠨ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ | ᠬᠠᠮᠠᠭᠠᠯᠠᠬᠤ︾ ᠶᠢ ᠪᠡᠶᠡᠯᠡᠭᠦᠯᠵᠦ᠂ ᠤᠬᠠᠮᠰᠠᠷ ᠠᠴᠠ ᠪᠠᠨ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠳᠡᠭᠡᠷ᠎ᠡ ᠪᠠᠨ ᠰᠢ ᠶᠢᠨ ᠫᠢᠩ ᠨᠥᠬᠦᠷ ᠢᠶᠠᠷ | ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠬᠡᠷᠡᠭᠲᠡᠢ᠃ ᠨᠠᠮ ᠢ ᠪᠦᠭᠦ ᠲᠠᠯ᠎ᠠ ᠪᠠᠷ ᠴᠢᠩᠭ᠎ᠠ ᠵᠠᠰᠠᠬᠤ ᠤᠯᠤᠰ | ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠲᠥᠪ ᠬᠤᠷᠢᠶ᠎ᠠ ᠶᠢᠨ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ | ᠵᠠᠰᠠᠭ ᠤᠨ ᠣᠷᠳᠣᠨ ᠤ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ ᠢᠯᠵᠢᠷᠡᠯ ᠢ ᠡᠰᠡᠷᠭᠦᠴᠡᠬᠦ ᠲᠡᠮᠡᠴᠡᠯ ᠢ ᠡᠷᠡᠰ | ᠭᠤᠶᠢᠪᠢᠰᠢ ᠦᠭᠡᠢ ᠠᠬᠢᠭᠤᠯᠤᠨ᠎ᠠ᠃ ᠵᠠᠰᠠᠭ ᠤᠨ ᠣᠷᠳᠣᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢ ᠪᠦᠭᠦ ᠲᠠᠯ᠎ᠠ ᠪᠠᠷ ᠳᠡᠭᠡᠭᠰᠢᠯᠡᠭᠦᠯᠵᠦ᠂ | ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠡᠷᠡ ᠶᠣᠰᠣᠭᠠᠷ ᠨᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨ ᠬᠦ | ᠪᠠᠲᠤᠯᠠᠨ᠎ᠠ᠃ | ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠦᠨᠳᠦᠰᠦᠨ ᠬᠠᠤᠯᠢ ᠬᠠᠤᠯᠢ ᠴᠠᠭᠠᠵᠠ ᠶᠢ ᠴᠢᠩᠭ᠎ᠠ ᠵᠢᠷᠤᠮᠯᠠᠨ | ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠵᠠᠰᠠᠭ ᠤᠨ ᠣᠷᠳᠣᠨ ᠤ ᠪᠠᠶᠢᠭᠤᠯᠤᠮᠵᠢ᠂ ᠡᠭᠦᠷᠭᠡ ᠴᠢᠳᠠᠪᠤᠷᠢ᠂ ᠡᠷᠬᠡ ᠮᠡᠳᠡᠯ᠂ ᠵᠢᠷᠤᠮ᠂ ᠬᠠᠷᠢᠭᠤᠴᠠᠯᠭ᠎ᠠ ᠶᠢ | ᠬᠠᠤᠯᠢ ᠪᠠᠷ ᠲᠣᠭᠲᠠᠭᠠᠬᠤ ᠶᠢ ᠠᠬᠢᠭᠤᠯᠤᠨ᠎ᠠ᠃ ᠠᠳᠠᠯᠢ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ | ᠬᠤᠷᠢᠶ᠎ᠠ ᠶᠢᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ | ᠤᠬᠠᠮᠰᠠᠷ ᠠᠴᠠ ᠪᠠᠨ ᠬᠦᠯᠢᠶᠡᠵᠦ᠂ ᠨᠡᠶᠢᠭᠡᠮ ᠤᠨ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠨ᠎ᠡ᠃ ᠬᠢᠨᠠᠨ ᠪᠤᠳᠤᠬᠤ ᠬᠢᠨᠠᠯᠲᠠ ᠶᠢ | ᠴᠢᠩᠭᠠᠳᠬᠠᠨ᠎ᠠ᠃ ᠰᠢᠨᠵᠢᠯᠡᠬᠦ ᠤᠬᠠᠭᠠᠨᠴᠢ ᠪᠠᠷ᠂ ᠠᠷᠠᠳᠴᠢᠯᠠᠯ ᠢᠶᠠᠷ᠂ ᠬᠠᠤᠯᠢ ᠶᠣᠰᠣᠭᠠᠷ ᠪᠣᠳᠣᠯᠭ᠎ᠠ ᠲᠣᠭᠲᠠᠭᠠᠬᠤ ᠶᠢ ᠪᠠᠷᠢᠮᠲᠠᠯᠠᠵᠤ᠂ ᠵᠠᠰᠠᠭ ᠤᠨ ᠣᠷᠳᠣᠨ ᠤ | ᠬᠠᠤᠯᠢ ᠲᠣᠭᠲᠠᠭᠠᠬᠤ ᠶᠢ ᠬᠢᠨᠠᠨ ᠪᠠᠶᠢᠴᠠᠭᠠᠬᠤ ᠶᠢ ᠴᠢᠩᠭᠠᠳᠬᠠᠵᠤ᠂ ᠴᠢᠬᠤᠯᠠ ᠶᠡᠭᠡ ᠰᠢᠢᠳᠪᠦᠷᠢᠲᠦ ᠪᠣᠳᠣᠯᠭ᠎ᠠ᠂ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ | ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠶᠢ ᠴᠢᠩᠭᠠᠳᠬᠠᠨ᠎ᠠ᠃ ᠵᠠᠰᠠᠭ ᠤᠨ ᠶᠠᠪᠤᠳᠠᠯ ᠢ ᠢᠯᠡ ᠪᠤᠯᠭᠠᠬᠤ ᠶᠢ ᠭᠦᠨᠵᠡᠭᠡᠶᠢᠷᠡᠭᠦᠯᠦᠨ᠎ᠡ᠃ ᠬᠠᠤᠯᠢ ᠶᠢ | ᠴᠢᠩᠭ᠎ᠠ ᠵᠢᠷᠤᠮᠵᠢᠭᠤᠨ ᠭᠤᠥᠯᠴᠢ ᠪᠣᠯᠪᠠᠰᠤᠨ ᠢᠶᠠᠷ ᠬᠡᠷᠡᠭᠵᠢᠭᠦᠯᠬᠦ ᠶᠢ ᠠᠬᠢᠭᠤᠯᠵᠤ᠂ ᠵᠠᠰᠠᠭ ᠵᠠᠬᠢᠷᠭᠠᠨ ᠤ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ ᠶᠢᠨ | ᠳᠦᠷᠢᠮ ᠢ ᠨᠠᠶᠢᠳᠠᠪᠤᠷᠢᠵᠢᠭᠤᠯᠵᠤ᠂ ᠤᠯᠠᠨ ᠲᠦᠮᠡᠨ ᠤ ᠠᠰᠢᠭ ᠲᠤᠰᠠ ᠶᠢ ᠬᠠᠮᠠᠭᠠᠯᠠᠬᠤ ᠳᠦᠷᠢᠮ ᠲᠣᠭᠲᠠᠴᠠ ᠶᠢ ᠪᠦᠷᠢᠨᠰᠢᠭᠦᠯᠦᠨ᠎ᠡ᠃ ᠠᠵᠢᠯᠴᠢᠨ ᠤ ᠡᠪᠯᠡᠯ᠂ ᠡᠪ | ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠵᠡᠷᠭᠡ ᠤᠯᠠᠨ ᠲᠦᠮᠡᠨ ᠤ ᠡᠪᠯᠡᠯ ᠪᠦᠯᠭᠦᠮ ᠤᠨ ᠵᠣᠬᠢᠶᠠᠨ ᠪᠠᠶᠢᠭᠤᠯᠤᠯᠲᠠ ᠶᠢᠨ | ᠦᠢᠯᠡᠳᠦᠯ ᠢᠶᠠᠨ ᠨᠡᠩ ᠰᠠᠶᠢᠨ ᠪᠠᠳᠠᠷᠠᠭᠤᠯᠬᠤ ᠶᠢ ᠳᠡᠮᠵᠢᠨ᠎ᠡ᠃ ᠵᠠᠰᠠᠭ ᠤᠨ ᠣᠷᠳᠣᠨ ᠤ ᠠᠵᠢᠯᠲᠠᠳ ᠡᠭᠦᠷᠭᠡ ᠲᠤᠰᠢᠶᠠᠯ ᠢᠶᠠᠨ ᠬᠢᠴᠢᠶᠡᠩᠭᠦ᠋ᠢᠯᠡᠨ ᠭᠦᠢᠴᠡᠳᠬᠡᠵᠦ᠂ | ᠠᠷᠢᠭᠤᠨ ᠴᠢᠬᠡᠴᠢ ᠪᠠᠷ ᠨᠡᠶᠢᠲᠡ ᠶᠢᠨ ᠲᠥᠯᠥᠭᠡ ᠵᠢᠳᠬᠦᠵᠦ᠂ ᠬᠠᠤᠯᠢ ᠪᠠᠷ ᠵᠠᠰᠠᠬᠤ ᠶᠢ ᠴᠢᠩᠭ᠎ᠠ ᠬᠡᠷᠡᠭᠵᠢᠭᠦᠯᠵᠦ᠂ ᠬᠠᠤᠯᠢ ᠶᠣᠰᠣᠭᠠᠷ ᠠᠵᠢᠯᠯᠠᠨ᠂ ᠨᠠᠮ ᠪᠠ ᠠᠷᠠᠳ | ᠲᠦᠮᠡᠨ ᠠᠴᠠ ᠣᠯᠭᠤᠭᠰᠠᠨ ᠡᠷᠬᠡ ᠶᠢ ᠢᠮᠠᠭᠲᠠ ᠠᠷᠠᠳ ᠲᠦᠮᠡᠨ ᠳᠤ ᠵᠣᠯ ᠵᠢᠷᠭᠠᠯ ᠣᠯᠭᠤᠬᠤ ᠳᠤ ᠬᠡᠷᠡᠭᠯᠡᠬᠦ ᠶᠢ ᠦᠨᠡᠨ ᠬᠦ ᠪᠠᠲᠤᠯᠠᠬᠤ ᠬᠡᠷᠡᠭᠲᠡᠢ᠃ | ᠵᠠᠰᠠᠭ ᠶᠠᠪᠤᠭᠤᠯᠬᠤ ᠦᠢᠯᠡᠳᠦᠯ ᠴᠢᠳᠠᠪᠤᠷᠢ ᠪᠠ ᠬᠢᠷᠢ ᠬᠡᠮᠵᠢᠶ᠎ᠡ ᠪᠠᠨ ᠳᠡᠭᠡᠭᠰᠢᠯᠡᠭᠦᠯᠦᠨ᠎ᠡ᠃ ᠦᠨᠡᠨ ᠢ ᠪᠠᠷᠢᠮᠲᠠᠯᠠᠨ ᠪᠣᠳᠠᠲᠠᠢ ᠶᠢ ᠡᠷᠭᠢᠮᠯᠡᠭᠦ᠂ ᠪᠣᠳᠠᠲᠠᠢ ᠠᠴᠠ | ᠡᠭᠦᠰᠴᠦ ᠠᠰᠠᠭᠤᠳᠠᠯ ᠢ ᠰᠢᠢᠳᠪᠦᠷᠢᠯᠡᠬᠦ ᠶᠢ ᠪᠠᠷᠢᠮᠲᠠᠯᠠᠨ᠎ᠠ᠃ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠰ ᠪᠡᠶ᠎ᠡ ᠶᠢᠨ | ᠪᠣᠳᠠᠲᠤ ᠪᠠᠶᠢᠳᠠᠯ ᠲᠠᠢ ᠤᠶᠠᠯᠳᠤᠭᠤᠯᠬᠤ ᠳᠠᠭᠠᠨ ᠴᠢᠳᠠᠮᠠᠭᠠᠢ ᠪᠠᠶᠢᠵᠤ᠂ ᠬᠥᠲᠥᠯᠥᠮᠵᠢ ᠶᠢᠨ ᠴᠢᠨᠠᠷ᠂ ᠬᠥᠰᠢᠵᠦ ᠬᠥᠳᠡᠯᠭᠡᠬᠦ ᠴᠢᠨᠠᠷ ᠢᠶᠠᠷ ᠴᠢᠩᠭ᠎ᠠ ᠠᠵᠢᠯ ᠤᠨ | ᠭᠠᠷᠳᠠᠴᠠ ᠪᠠ ᠠᠴᠢᠶᠠᠯᠠᠪᠤᠷᠢ ᠶᠢ ᠤᠬᠠᠭᠠᠯᠠᠨ ᠲᠥᠯᠥᠪᠯᠡᠵᠦ᠂ ᠪᠦᠲᠦᠭᠡᠯᠴᠢ ᠴᠢᠨᠠᠷᠲᠠᠢ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠴᠢᠳᠠᠪᠤᠷᠢ ᠶᠢ | ᠳᠡᠭᠡᠭᠰᠢᠯᠡᠭᠦᠯᠦᠨ᠎ᠡ᠃ ᠳ᠋ᠢᠵᠢᠲ᠋ᠠᠯ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠷᠭᠡᠳᠬᠡᠵᠦ᠂ ︽ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠢ ᠪᠦᠲᠦᠭᠡᠬᠦ︾ | ᠭᠤᠣᠯᠳᠠᠯᠭ᠎ᠠ ᠲᠠᠢ ᠵᠦᠢᠯᠡᠰ ᠤᠨ ᠲᠣᠳᠣᠷᠬᠠᠢ ᠬᠠᠭᠤᠳᠠᠰᠤ ᠶᠢᠨ ᠬᠠᠮᠢᠶᠠᠷᠤᠯᠲᠠ ᠪᠠ ᠪᠠᠶᠢᠩᠭᠤᠵᠢᠭᠤᠯᠤᠨ ᠠᠬᠢᠭᠤᠯᠬᠤ ᠲᠣᠭᠲᠠᠴᠠ ᠶᠢ ᠪᠦᠷᠢᠨᠰᠢᠭᠦᠯᠵᠦ᠂ ᠪᠦᠭᠦ | ᠤᠯᠤᠰ ᠢ ᠬᠠᠮᠤᠷᠤᠭᠰᠠᠨ ᠨᠢᠭᠡ ᠴᠣᠭᠴᠠᠵᠢᠭᠰᠠᠨ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢ ᠲᠡᠭᠦᠯᠳᠡᠷᠵᠢᠭᠦᠯᠦᠨ᠎ᠡ᠃ ᠵᠥᠪ | ᠴᠢᠭᠯᠡᠯ ᠢᠶᠠᠷ ᠤᠷᠮᠠᠰᠢᠭᠤᠯᠤᠨ ᠵᠣᠷᠢᠭᠵᠢᠭᠤᠯᠬᠤ ᠶᠢ ᠴᠢᠩᠭᠠᠳᠬᠠᠵᠤ᠂ ᠬᠢᠨᠠᠨ ᠰᠢᠯᠭᠠᠵᠤ ᠦᠨᠡᠯᠡᠬᠦ ᠰᠢᠰᠲ᠋ᠧᠮ ᠢ ᠲᠡᠭᠦᠯᠳᠡᠷᠵᠢᠭᠦᠯᠦᠨ᠂ ᠭᠡᠯᠪᠡᠷᠢ ᠶᠢᠨ ᠦᠵᠡᠯ ᠢ | ᠦᠷᠭᠦᠯᠵᠢᠯᠡᠨ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠦᠨ᠂ ᠦᠨᠳᠦᠰᠦᠨ ᠱᠠᠲᠤᠨ ᠳᠤ ᠬᠠᠨᠳᠤᠭᠤᠯᠤᠭᠰᠠᠨ ᠣᠯᠠᠨ ᠲᠠᠯ᠎ᠠ ᠠᠴᠠ | ᠳᠠᠪᠬᠤᠷᠳᠠᠭᠤᠯᠤᠨ ᠬᠢᠬᠦ᠂ ᠭᠦᠢᠴᠡᠳᠬᠡᠯ ᠲᠤᠭ᠎ᠠ ᠨᠢ ᠠᠷᠰᠠᠷ ᠵᠢᠵᠢᠭ ᠰᠠᠵᠢᠭ᠂ ᠠᠷᠭ᠎ᠠ ᠮᠠᠶ᠋ᠢᠭ ᠨᠢ ᠶᠠᠷᠰᠢᠭ ᠲᠦᠪᠡᠭᠲᠡᠢ ᠬᠢᠨᠠᠨ ᠪᠠᠶᠢᠴᠠᠭᠠᠯᠲᠠ᠂ ᠪᠠᠶᠢᠴᠠᠭᠠᠯᠲᠠ ᠪᠠ | ᠬᠢᠨᠠᠨ ᠰᠢᠯᠭᠠᠯᠲᠠ ᠶᠢ ᠦᠨᠡᠨ ᠬᠦ ᠪᠠᠭᠠᠰᠬᠠᠵᠤ᠂ ᠥᠷᠭᠡᠨ ᠤᠯᠠᠨ ᠺᠠᠳ᠋ᠷᠴᠤᠳ ᠢ ᠨᠡᠩ ᠤᠯᠠᠨ ᠴᠠᠭ ᠪᠠ ᠤᠶᠤᠨ ᠴᠢᠳᠠᠯ ᠢᠶᠠᠨ ᠪᠣᠳᠠᠲᠠᠢ ᠠᠵᠢᠯ ᠬᠢᠬᠦ ᠳᠡᠭᠡᠷ᠎ᠡ | ᠬᠡᠷᠡᠭᠯᠡᠬᠦ ᠪᠣᠯᠭᠠᠨ᠎ᠠ᠃ ᠡᠯ᠎ᠡ ᠱᠠᠲᠤᠨ ᠤ ᠵᠠᠰᠠᠭ ᠤᠨ ᠣᠷᠳᠣᠨ ᠤ ᠠᠵᠢᠯᠲᠠᠳ ᠴᠢᠷᠮᠠᠶᠢᠨ ᠠᠵᠢᠯᠯᠠᠬᠤ ᠶᠢ ᠲᠡᠷᠢᠭᠦᠨ ᠳᠤ ᠲᠠᠯᠪᠢᠬᠤ᠂ ᠯᠠᠪᠳᠠᠭᠤᠨ ᠪᠠᠲᠤᠲᠠᠢ | ᠠᠵᠢᠯᠯᠠᠬᠤ ᠶᠢ ᠪᠠᠷᠢᠮᠲᠠᠯᠠᠵᠤ᠂ ᠲᠡᠦᠬᠡ ᠪᠠ ᠠᠷᠠᠳ ᠲᠦᠮᠡᠨ ᠤ ᠰᠢᠯᠭᠠᠯᠲᠠ ᠶᠢ ᠳᠠᠭᠠᠭᠠᠵᠤ ᠴᠢᠳᠠᠬᠤ ᠨᠡᠩ ᠤᠯᠠᠨ ᠬᠥᠭᠵᠢᠯᠲᠡ ᠶᠢᠨ ᠠᠮᠵᠢᠯᠲᠠ ᠪᠦᠲᠦᠮᠵᠢ ᠶᠢ | ᠡᠭᠦᠳᠬᠦ ᠬᠡᠷᠡᠭᠲᠡᠢ᠃ | ᠪᠢᠳᠡ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠨ᠂ ᠲᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠵᠤ᠂ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠢ ᠪᠠᠷᠢᠮᠲᠠᠯᠠᠨ | ᠲᠡᠭᠦᠯᠳᠡᠷᠵᠢᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠢ ᠲᠠᠰᠤᠷᠠᠯᠲᠠ ᠦᠭᠡᠢ ᠠᠬᠢᠭᠤᠯᠤᠨ᠂ ᠦᠨᠳᠦᠰᠦᠲᠡᠨ ᠤ ᠭᠠᠵᠠᠷ ᠣᠷᠣᠨ ᠤ | ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠠᠯᠬᠤᠴᠠ ᠶᠢ ᠲᠦᠷᠭᠡᠳᠬᠡᠬᠦ ᠬᠡᠷᠡᠭᠲᠡᠢ᠃ ᠨᠠᠮ ᠤᠨ ᠱᠠᠰᠢᠨ ᠰᠤᠷᠲᠠᠬᠤᠨ ᠤ ᠠᠵᠢᠯ ᠤᠨ ᠦᠨᠳᠦᠰᠦᠨ | ᠴᠢᠭᠯᠡᠯᠲᠡ ᠶᠢ ᠪᠠᠷᠢᠮᠲᠠᠯᠠᠵᠤ᠂ ᠮᠠᠨ ᠤ ᠤᠯᠤᠰ ᠤᠨ ᠱᠠᠰᠢᠨ ᠰᠤᠷᠲᠠᠬᠤᠨ ᠤ ᠳᠤᠮᠳᠠᠳᠤ ᠤᠯᠤᠰᠴᠢᠯᠠᠯᠳᠠ ᠶᠢ ᠰᠢᠰᠲ᠋ᠧᠮ ᠲᠠᠢ ᠠᠬᠢᠭᠤᠯᠵᠤ᠂ ᠱᠠᠰᠢᠨ ᠰᠤᠷᠲᠠᠬᠤᠨ ᠤ | ᠬᠡᠷᠡᠭ ᠶᠠᠪᠤᠳᠠᠯ ᠤᠨ ᠵᠠᠰᠠᠯᠲᠠ ᠶᠢ ᠬᠠᠤᠯᠢ ᠪᠠᠷ ᠵᠠᠰᠠᠬᠤ ᠶᠢ ᠴᠢᠩᠭᠠᠳᠬᠠᠨ᠎ᠠ᠃ ᠬᠠᠷᠢᠶᠠᠲᠤ ᠨᠠᠷ ᠤᠨ ᠶᠠᠪᠤᠳᠠᠯ ᠤᠨ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ | ᠭᠠᠳᠠᠭᠠᠳᠤ ᠳᠤ ᠰᠠᠭᠤᠭ᠎ᠠ ᠬᠠᠷᠢᠶᠠᠲᠤ ᠠᠬ᠎ᠠ ᠳᠡᠭᠦᠦ ᠨᠠᠷ ᠪᠣᠯᠣᠨ ᠤᠯᠤᠰ ᠲᠠᠭᠠᠨ ᠪᠤᠴᠠᠵᠤ ᠢᠷᠡᠭᠰᠡᠨ ᠬᠠᠷᠢᠶᠠᠲᠤ ᠨᠠᠷ ᠵᠢᠴᠢ ᠬᠠᠷᠢᠶᠠᠲᠤ ᠨᠠᠷ ᠤᠨ ᠭᠡᠷ | ᠪᠦᠯᠢ ᠶᠢᠨ ᠬᠢᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠳᠤᠮᠳᠠᠳᠤ ᠶᠢᠨ ᠬᠥᠪᠡᠭᠦᠳ ᠥᠬᠢᠳ ᠤᠨ ᠭᠡᠷᠡᠯ | ᠰᠠᠴᠤᠷᠠᠩᠭᠤᠢ ᠦᠢᠯᠡᠰ ᠢ ᠬᠠᠮᠲᠤ ᠪᠠᠷ ᠴᠣᠭᠴᠠᠯᠠᠬᠤ ᠬᠦᠴᠦᠷᠬᠡᠭ ᠶᠡᠭᠡ ᠬᠦᠴᠦᠨ ᠴᠢᠳᠠᠯ ᠢ ᠨᠢᠭᠲᠠᠷᠠᠭᠤᠯᠤᠨ᠎ᠠ᠃ | ᠥᠩᠭᠡᠷᠡᠭᠰᠡᠨ ᠨᠢᠭᠡ ᠵᠢᠯ ᠳᠤ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠴᠢᠬᠤᠯᠠ ᠰᠢᠨ᠎ᠡ ᠠᠬᠢᠯᠲᠠ ᠲᠠᠢ | ᠪᠣᠯᠪᠠ᠃ ᠰᠢᠨ᠎ᠡ ᠨᠢᠭᠡ ᠵᠢᠯ ᠳᠤ᠂ ᠪᠢᠳᠡ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠰᠢᠨ᠎ᠡ ᠴᠠᠭ | ᠦᠶ᠎ᠡ ᠶᠢᠨ ᠴᠡᠷᠢᠭ ᠤᠨ ᠶᠠᠪᠤᠳᠠᠯ ᠤᠨ ᠪᠠᠶᠢᠯᠳᠤᠬᠤ ᠪᠣᠳᠣᠯᠭ᠎ᠠ ᠶᠢᠨ ᠴᠢᠭᠯᠡᠯᠲᠡ ᠶᠢ ᠲᠤᠭᠤᠰᠢᠯᠠᠭᠤᠯᠤᠨ᠂ ᠠᠷᠠᠳ ᠤᠨ ᠴᠡᠷᠢᠭ ᠠᠩᠭᠢ ᠳᠠᠬᠢ ᠨᠠᠮ ᠤᠨ ᠬᠠᠷᠢᠴᠠᠯᠠᠰᠢ | ᠦᠭᠡᠢ ᠤᠳᠤᠷᠢᠳᠤᠯᠭ᠎ᠠ ᠶᠢ ᠪᠠᠷᠢᠮᠲᠠᠯᠠᠵᠤ᠂ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠬᠠᠷᠢᠭᠤᠴᠠᠬᠤ ᠳᠦᠷᠢᠮ ᠢ ᠪᠦᠭᠦ ᠲᠠᠯ᠎ᠠ ᠪᠠᠷ ᠭᠦᠨᠵᠡᠭᠡᠢ | ᠲᠤᠭᠤᠰᠢᠯᠠᠭᠤᠯᠵᠤ᠂ ᠤᠯᠤᠰ ᠲᠦᠷᠦ ᠶᠢᠨ ᠴᠡᠭᠴᠡᠯᠡᠯᠲᠡ ᠪᠣᠯᠪᠠᠰᠤᠷᠠᠭᠤᠯᠤᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠴᠡᠷᠢᠭ ᠪᠠᠶᠢᠭᠤᠯᠤᠭᠳᠠᠭᠰᠠᠨ ᠵᠠᠭᠤᠨ ᠵᠢᠯ ᠤᠨ | ᠲᠡᠮᠡᠴᠡᠯ ᠤᠨ ᠬᠠᠷᠠᠯᠲᠠ ᠶᠢ ᠪᠡᠶᠡᠯᠡᠭᠦᠯᠬᠦ ᠪᠡᠷᠬᠡ ᠰᠡᠳᠦᠪ ᠢ ᠰᠢᠢᠳᠪᠦᠷᠢᠯᠡᠬᠦ ᠲᠠᠶᠢᠨ ᠢ ᠪᠦᠭᠦ ᠬᠦᠴᠦᠨ ᠢᠶᠠᠷ ᠰᠠᠶᠢᠲᠤᠷ ᠬᠢᠬᠦ ᠬᠡᠷᠡᠭᠲᠡᠢ᠃ ᠴᠡᠷᠢᠭ ᠪᠤᠯᠪᠠᠰᠤᠷᠠᠭᠤᠯᠵᠤ | ᠳᠠᠶᠢᠨ ᠳᠤ ᠪᠡᠯᠡᠳᠬᠡᠬᠦ ᠶᠢ ᠭᠦᠨᠵᠡᠭᠡᠶᠢᠷᠡᠭᠦᠯᠦᠨ ᠠᠬᠢᠭᠤᠯᠵᠤ᠂ ᠰᠢᠨ᠎ᠡ ᠴᠢᠨᠠᠷ ᠤᠨ ᠲᠠᠶᠢᠴᠢᠨ ᠬᠦᠴᠦᠨ ᠢ ᠲᠦᠷᠭᠡᠯᠡᠨ ᠬᠥᠭᠵᠢᠭᠦᠯᠵᠦ᠂ ᠳᠤᠮᠳᠠᠳᠤ ᠤᠯᠤᠰ ᠤᠨ | ᠣᠨᠴᠠᠯᠢᠭ ᠪᠦᠬᠦᠢ ᠤᠳᠤ ᠦᠶ᠎ᠡ ᠶᠢᠨ ᠴᠡᠷᠢᠭ ᠤᠨ ᠶᠠᠪᠤᠳᠠᠯ ᠤᠨ ᠤᠨᠤᠯ ᠤᠨ ᠰᠢᠰᠲ᠋ᠧᠮ ᠢ ᠪᠠᠶᠢᠭᠤᠯᠵᠤ᠂ ᠤᠯᠤᠰ ᠤᠨ ᠡᠷᠬᠡ ᠮᠡᠳᠡᠯ᠂ ᠠᠮᠤᠷ ᠲᠦᠪᠰᠢᠨ᠂ | ᠬᠥᠭᠵᠢᠯᠲᠡ ᠶᠢᠨ ᠠᠰᠢᠭ ᠲᠤᠰᠠ ᠶᠢ ᠡᠷᠡᠰ ᠬᠠᠮᠠᠭᠠᠯᠠᠨ᠎ᠠ᠃ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠦᠪᠵᠢᠭᠦᠯᠭᠡ ᠶᠢᠨ ᠠᠵᠢᠯ ᠢ ᠳᠠᠭᠤᠰᠬᠠᠬᠤ ᠶᠢ ᠰᠠᠶᠢᠲᠤᠷ ᠠᠳᠬᠤᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠭᠵᠢᠯᠲᠡ ᠶᠢᠨ ᠴᠢᠬᠤᠯᠠ ᠶᠡᠭᠡ | ᠢᠨᠵᠧᠨᠧᠷᠢᠩ ᠢ ᠱᠠᠯᠠᠪᠳᠠᠨ ᠬᠡᠷᠡᠭᠵᠢᠭᠦᠯᠵᠦ᠂ ᠰᠦᠯᠵᠢᠶᠡᠨ ᠤ ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ ᠶᠢ ᠲᠦᠷᠭᠡᠯᠡᠨ ᠠᠬᠢᠭᠤᠯᠤᠨ᠎ᠠ᠃ ᠴᠡᠷᠢᠭ ᠠᠩᠭᠢ | ᠪᠠ ᠣᠷᠣᠨ ᠨᠤᠲᠤᠭ ᠠᠯᠤᠰᠯᠠᠭᠰᠠᠨ ᠥᠭᠡᠷᠡᠴᠢᠯᠡᠯᠲᠡ ᠶᠢ ᠬᠦᠴᠦ ᠬᠠᠮᠲᠤᠳᠬᠠᠨ ᠠᠬᠢᠭᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠠᠵᠤ ᠦᠢᠯᠡᠳᠪᠦᠷᠢ ᠶᠢᠨ ᠰᠢᠰᠲ᠋ᠧᠮ ᠪᠠ ᠪᠠᠶᠢᠷᠢᠯᠠᠭᠤᠯᠤᠯᠲᠠ ᠶᠢ ᠰᠢᠯᠢᠳᠡᠭᠵᠢᠭᠦᠯᠵᠦ᠂ ᠤᠯᠤᠰ ᠤᠨ ᠨᠢᠭᠡ ᠴᠣᠭᠴᠠᠵᠢᠭᠰᠠᠨ ᠪᠠᠶᠢᠯᠳᠤᠬᠤ | ᠪᠣᠳᠣᠯᠭ᠎ᠠ ᠶᠢᠨ ᠰᠢᠰᠲ᠋ᠧᠮ ᠪᠠ ᠴᠢᠳᠠᠪᠤᠷᠢ ᠶᠢᠨ ᠪᠠᠶᠢᠭᠤᠯᠤᠯᠲᠠ ᠶᠢᠨ ᠠᠵᠢᠯ ᠤᠨ ᠲᠣᠭᠲᠠᠴᠠ ᠶᠢ ᠪᠦᠷᠢᠨᠰᠢᠭᠦᠯᠦᠨ᠎ᠡ᠃ ᠡᠯ᠎ᠡ ᠱᠠᠲᠤᠨ ᠤ ᠵᠠᠰᠠᠭ ᠤᠨ ᠣᠷᠳᠣᠨ | ᠤᠯᠤᠰ ᠤᠨ ᠪᠠᠲᠤᠯᠠᠨ ᠬᠠᠮᠠᠭᠠᠯᠠᠯᠲᠠ ᠪᠣᠯᠣᠨ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠶᠢ ᠶᠡᠭᠡ ᠪᠠᠷ ᠳᠠᠮᠵᠢᠵᠤ᠂ ᠬᠤᠶᠠᠷ ᠢ ᠬᠦᠷᠢᠶᠡᠯᠡᠬᠦ ᠠᠵᠢᠯ ᠤᠨ | ᠲᠣᠭᠲᠠᠴᠠ ᠶᠢ ᠲᠡᠭᠦᠯᠳᠡᠷᠵᠢᠭᠦᠯᠦᠨ᠂ ᠴᠡᠷᠢᠭ ᠵᠠᠰᠠᠭ ᠴᠡᠷᠢᠭ ᠠᠷᠠᠳ ᠤᠨ ᠬᠠᠳᠠᠡ ᠪᠠᠲᠤ ᠪᠦᠯᠬᠦᠮᠳᠡᠯ ᠢ ᠪᠠᠬᠢᠵᠢᠭᠦᠯᠦᠨ ᠬᠥᠭᠵᠢᠭᠦᠯᠬᠦ ᠬᠡᠷᠡᠭᠲᠡᠢ᠃ | ᠪᠢᠳᠡ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾᠂ ︽ᠰᠢᠶᠠᠩᠭᠠᠩ ᠤᠨ ᠬᠥᠮᠥᠨ ᠢᠶᠠᠷ ᠰᠢᠶᠠᠩᠭᠠᠩ ᠢ ᠵᠠᠰᠠᠭᠤᠯᠬᠤ︾᠂ ︽ᠣᠣᠮᠧᠨ ᠤ | ᠬᠥᠮᠥᠨ ᠢᠶᠠᠷ ᠣᠣᠮᠧᠨ ᠢ ᠵᠠᠰᠠᠭᠤᠯᠬᠤ︾᠂ ᠳᠡᠭᠡᠳᠦ ᠬᠡᠮᠵᠢᠶ᠎ᠡ ᠪᠠᠷ ᠥᠪᠡᠷᠲᠡᠭᠡᠨ ᠵᠠᠰᠠᠬᠤ ᠴᠢᠭᠯᠡᠯᠲᠡ ᠶᠢ ᠪᠦᠭᠦ ᠲᠠᠯ᠎ᠠ ᠪᠠᠷ ᠣᠨᠣᠪᠴᠢᠲᠠᠶ᠂ ᠡᠷᠡᠰ ᠭᠤᠶᠢᠪᠢᠰᠢ | ᠦᠭᠡᠢ ᠪᠠᠷ ᠲᠤᠭᠤᠰᠢᠯᠠᠭᠤᠯᠵᠤ᠂ ᠦᠨᠳᠦᠰᠦᠨ ᠬᠠᠤᠯᠢ ᠪᠠ ᠭᠤᠣᠯ ᠬᠠᠤᠯᠢ ᠳᠤ ᠲᠣᠭᠲᠠᠭᠠᠭᠰᠠᠨ ᠵᠠᠰᠠᠭ ᠵᠠᠬᠢᠷᠭᠠᠨ ᠤ ᠣᠨᠴᠠᠭᠠᠶ ᠣᠷᠣᠨ ᠤ ᠦᠨᠳᠦᠰᠦᠨ ᠬᠠᠤᠯᠢᠲᠤ | ᠡᠮᠬᠢ ᠵᠢᠷᠤᠮ ᠢ ᠬᠠᠮᠠᠭᠠᠯᠠᠵᠤ᠂ ︽ᠡᠬᠡ ᠣᠷᠣᠨᠴᠢ ᠬᠥᠮᠥᠰ ᠢᠶᠠᠷ ᠰᠢᠶᠠᠩᠭᠠᠩ ᠢ ᠵᠠᠰᠠᠭᠤᠯᠬᠤ︾᠂ ︽ᠡᠬᠡ ᠣᠷᠣᠨᠴᠢ ᠬᠥᠮᠥᠰ ᠢᠶᠠᠷ ᠣᠣᠮᠧᠨ ᠢ ᠵᠠᠰᠠᠭᠤᠯᠬᠤ︾ | ᠵᠠᠷᠴᠢᠮ ᠢ ᠨᠠᠶᠢᠳᠠᠪᠤᠷᠢᠵᠢᠭᠤᠯᠬᠤ ᠬᠡᠷᠡᠭᠲᠡᠢ᠃ ᠰᠢᠶᠠᠩᠭᠠᠩ᠂ ᠣᠣᠮᠧᠨ ᠤ ᠠᠵᠤ ᠠᠬᠤᠢ ᠪᠠᠨ ᠬᠥᠭᠵᠢᠭᠦᠯᠬᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠣᠯᠠᠨ | ᠤᠯᠤᠰ ᠯᠤᠭ᠎ᠠ ᠶᠢᠨ ᠶᠠᠪᠤᠯᠴᠠᠭ᠎ᠠ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ᠂ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ ᠨᠡᠩ ᠰᠠᠶᠢᠨ ᠠᠭᠤᠰᠤᠨ ᠣᠷᠣᠬᠤ ᠶᠢ | ᠳᠡᠮᠵᠢᠵᠦ᠂ ᠰᠢᠶᠠᠩᠭᠠᠩ᠂ ᠣᠣᠮᠧᠨ ᠤ ᠤᠷᠳᠤ ᠬᠤᠭᠤᠴᠠᠭᠠᠨ ᠤ ᠴᠡᠴᠡᠭᠯᠡᠯ ᠬᠥᠭᠵᠢᠯ ᠪᠠ ᠲᠣᠭᠲᠠᠭᠤᠨ ᠪᠠᠶᠢᠳᠠᠯ ᠢ ᠪᠠᠲᠤᠯᠠᠨ᠎ᠠ᠃ | ᠪᠢᠳᠡ ᠰᠢᠨ᠎ᠡ ᠴᠠᠭ ᠦᠶ᠎ᠡ ᠶᠢᠨ ᠨᠠᠮ ᠤᠨ ᠲᠠᠶᠢᠸᠠᠨ ᠤ ᠠᠰᠠᠭᠤᠳᠠᠯ ᠢ ᠰᠢᠢᠳᠪᠦᠷᠢᠯᠡᠬᠦ ᠶᠡᠷᠦᠩᠬᠡᠢ ᠠᠷᠭ᠎ᠠ ᠪᠣᠳᠣᠯᠭ᠎ᠠ ᠶᠢ ᠪᠠᠷᠢᠮᠲᠠᠯᠠᠨ ᠲᠤᠭᠤᠰᠢᠯᠠᠭᠤᠯᠵᠤ᠂ | ᠨᠢᠭᠡ ᠯᠡ ᠳᠤᠮᠳᠠᠳᠤ ᠤᠯᠤᠰ ᠪᠠᠶᠢᠬᠤ ᠵᠠᠷᠴᠢᠮ ᠪᠠ ︽ᠶᠡᠷᠡᠨ ᠬᠤᠶᠠᠷ ᠣᠨ ᠤ ᠬᠠᠮᠲᠤ ᠶᠢᠨ ᠲᠠᠨᠢᠯᠲᠠ︾ ᠶᠢ ᠪᠠᠷᠢᠮᠲᠠᠯᠠᠵᠤ᠂ ︽ᠲᠠᠶᠢᠸᠠᠨ ᠢ ᠲᠤᠰᠠᠭᠠᠷ | ᠲᠣᠭᠲᠠᠨᠢᠭᠤᠯᠬᠤ︾ ᠬᠠᠭᠠᠴᠠᠭᠤᠯᠬᠤ ᠠᠵᠢᠯᠯᠠᠭ᠎ᠠ ᠪᠠ ᠭᠠᠳᠠᠭᠠᠳᠤ ᠶᠢᠨ ᠬᠦᠴᠦᠨ ᠤ ᠭᠠᠷ ᠳᠦᠷᠦᠯᠲᠡ ᠶᠢ ᠡᠷᠡᠰ ᠡᠰᠡᠷᠭᠦᠴᠡᠵᠦ᠂ ᠲᠠᠶᠢᠸᠠᠨ ᠬᠤᠭᠤᠯᠠᠢ ᠶᠢᠨ ᠬᠤᠶᠠᠷ | ᠲᠠᠯ᠎ᠠ ᠶᠢᠨ ᠬᠠᠷᠢᠴᠠᠭᠠᠨ ᠤ ᠨᠠᠶᠢᠷᠠᠮᠳᠠᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ᠃ ᠲᠠᠶᠢᠸᠠᠨ ᠬᠤᠭᠤᠯᠠᠢ ᠶᠢᠨ ᠬᠤᠶᠠᠷ ᠲᠠᠯ᠎ᠠ ᠶᠢᠨ ᠠᠵᠤ ᠠᠬᠤᠢ ᠰᠣᠶᠣᠯ ᠤᠨ | ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠬᠤ ᠳᠦᠷᠢᠮ ᠪᠠ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠲᠠᠶᠢᠸᠠᠨ ᠬᠤᠭᠤᠯᠠᠢ ᠶᠢᠨ ᠬᠤᠶᠠᠷ ᠲᠠᠯ᠎ᠠ ᠶᠢᠨ | ᠠᠭᠤᠰᠤᠯᠴᠠᠨ ᠬᠥᠭᠵᠢᠬᠦ ᠶᠢ ᠭᠦᠨᠵᠡᠭᠡᠶᠢᠷᠡᠭᠦᠯᠵᠦ᠂ ᠲᠠᠶᠢᠸᠠᠨ ᠬᠤᠭᠤᠯᠠᠢ ᠶᠢᠨ ᠬᠤᠶᠠᠷ ᠲᠠᠯ᠎ᠠ ᠶᠢᠨ ᠠᠬ᠎ᠠ ᠳᠡᠭᠦᠦ ᠨᠠᠷ ᠤᠨ ᠠᠵᠠ ᠵᠢᠷᠭᠠᠯ ᠢ ᠨᠡᠮᠡᠭᠳᠡᠭᠦᠯᠦᠨ᠂ ᠡᠬᠡ | ᠤᠯᠤᠰ ᠢᠶᠠᠨ ᠨᠢᠭᠡᠳᠬᠡᠬᠦ ᠶᠡᠭᠡ ᠦᠢᠯᠡᠰ ᠢ ᠡᠷᠡᠰ ᠭᠤᠶᠢᠪᠢᠰᠢ ᠦᠭᠡᠢ ᠠᠬᠢᠭᠤᠯᠵᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠭᠠᠷ | ᠬᠤᠯᠪᠣᠯᠴᠠᠨ ᠬᠠᠮᠲᠤ ᠪᠠᠷ ᠴᠣᠭᠴᠠᠯᠠᠨ᠎ᠠ᠃ | ᠪᠢᠳᠡ ᠪᠡᠶ᠎ᠡ ᠪᠠᠨ ᠳᠠᠭᠠᠭᠠᠵᠤ ᠡᠵᠡᠨ ᠮᠡᠳᠡᠬᠦ ᠨᠠᠶᠢᠷᠠᠮᠳᠠᠯ ᠤᠨ ᠭᠠᠳᠠᠭᠠᠳᠤ ᠬᠠᠷᠢᠯᠴᠠᠭᠠᠨ ᠤ ᠲᠥᠷᠥ ᠶᠢᠨ ᠪᠣᠳᠣᠯᠭ᠎ᠠ ᠶᠢ ᠪᠠᠷᠢᠮᠲᠠᠯᠠᠵᠤ᠂ ᠡᠩᠬᠡ ᠲᠠᠶᠢᠪᠤᠩ | ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠲᠡᠭᠦ ᠨᠡᠭᠡᠭᠡᠯᠲᠡ ᠶᠢᠨ ᠪᠠᠶᠢᠯᠳᠤᠬᠤ ᠪᠣᠳᠣᠯᠭ᠎ᠠ ᠶᠢ ᠡᠷᠡᠰ | ᠬᠡᠷᠡᠭᠵᠢᠭᠦᠯᠵᠦ᠂ ᠡᠵᠡᠷᠬᠡᠬᠦ ᠦᠵᠡᠯ ᠪᠠ ᠬᠦᠴᠦᠷᠬᠡᠭᠯᠡᠯ ᠤᠨ ᠤᠯᠤᠰ ᠲᠥᠷᠥ ᠶᠢ ᠡᠰᠡᠷᠭᠦᠴᠡᠵᠦ᠂ ᠠᠯᠢᠪᠠ ᠭᠡᠯᠪᠡᠷᠢ ᠶᠢᠨ ᠭᠠᠭᠴᠠ ᠲᠠᠯᠠᠲᠤ ᠦᠵᠡᠯ᠂ ᠬᠠᠮᠠᠭᠠᠯᠠᠬᠤ | ᠦᠵᠡᠯ ᠢ ᠡᠰᠡᠷᠭᠦᠴᠡᠵᠦ᠂ ᠤᠯᠠᠨ ᠤᠯᠤᠰ ᠤᠨ ᠲᠥᠪ ᠭᠤᠥᠯᠴᠢ ᠰᠢᠳᠤᠷᠭᠤ ᠶᠣᠰᠣ ᠶᠢ ᠬᠠᠮᠠᠭᠠᠯᠠᠬᠤ ᠬᠡᠷᠡᠭᠲᠡᠢ᠃ ᠳᠤᠮᠳᠠᠳᠤ ᠤᠯᠤᠰ ᠳᠤᠷᠠᠲᠠᠶ᠎ᠠ ᠳᠡᠯᠡᠬᠡᠢ | ᠨᠡᠶᠢᠳᠡ ᠲᠠᠢ ᠬᠠᠮᠲᠤ ᠪᠠᠷ ᠡᠷᠬᠡ ᠲᠡᠭᠰᠢ ᠡᠮᠬᠢ ᠵᠢᠷᠤᠮ ᠲᠠᠢ ᠳᠡᠯᠡᠬᠡᠢ ᠶᠢᠨ ᠣᠯᠠᠨ ᠲᠦᠢᠯᠰᠢᠷᠠᠯᠲᠠ᠂ ᠲᠦᠭᠡᠮᠡᠯ ᠬᠠᠷᠠᠭᠠᠯᠵᠠᠯ ᠲᠠᠢ ᠪᠠᠭᠲᠠᠭᠠᠮᠵᠢᠲᠠᠢ ᠪᠠᠶᠢᠬᠤ ᠠᠵᠤ | ᠠᠬᠤᠢ ᠶᠢᠨ ᠳᠡᠯᠡᠬᠡᠶᠢᠴᠢᠯᠡᠯᠲᠡ ᠶᠢ ᠰᠠᠨᠠᠭᠠᠴᠢᠯᠠᠵᠤ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ ᠲᠦᠪᠰᠢᠨ ᠤ | ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠤᠨ᠂ ᠪᠦᠭᠦ ᠪᠥᠮᠪᠥᠷᠴᠡᠭ ᠤᠨ ᠵᠠᠰᠠᠯᠲᠠ ᠶᠢᠨ | ᠰᠢᠰᠲ᠋ᠧᠮ ᠤᠨ ᠥᠭᠡᠷᠡᠴᠢᠯᠡᠯᠲᠡ ᠪᠠ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ | ᠪᠠᠶᠢᠭᠤᠯᠬᠤ ᠶᠢ ᠠᠬᠢᠭᠤᠯᠤᠨ᠂ ᠳᠡᠯᠡᠬᠡᠢ ᠶᠢᠨ ᠡᠩᠬᠡ ᠲᠠᠶᠢᠪᠤᠩ ᠬᠥᠭᠵᠢᠯᠲᠡ ᠶᠢᠨ ᠰᠠᠶᠢᠨ ᠰᠠᠶᠢᠬᠠᠨ ᠢᠷᠡᠭᠡᠳᠦᠢ ᠶᠢ ᠬᠠᠮᠲᠤ ᠪᠠᠷ ᠴᠣᠭᠴᠠᠯᠠᠨ᠎ᠠ᠃ | ᠲᠥᠯᠥᠭᠡᠯᠡᠭᠴᠢᠳ ᠠ᠋︕ ᠢᠲᠡᠭᠡᠯ ᠵᠣᠷᠢᠭ ᠬᠦᠴᠦᠨ ᠴᠢᠳᠠᠯ ᠢ ᠨᠢᠭᠲᠠᠷᠠᠭᠤᠯᠵᠤ᠂ ᠪᠣᠳᠠᠲᠤ ᠠᠵᠢᠯᠯᠠᠭ᠎ᠠ ᠪᠠᠷ ᠢᠷᠠᠭᠤ ᠬᠠᠭᠤᠳᠠᠰᠤ ᠶᠢ ᠪᠢᠴᠢᠭᠯᠡᠨᠡᠮ᠃ | ᠪᠢᠳᠡ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠠᠩ ᠢᠯᠡᠭᠦᠦ ᠨᠢᠭᠲᠠᠷᠠᠨ ᠪᠦᠯᠬᠦᠮᠳᠡᠵᠦ᠂ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠤᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠬᠦᠴᠢᠷ ᠢ ᠰᠥᠷᠦᠨ ᠤᠷᠤᠭᠰᠢᠯᠠᠵᠤ᠂ ᠢᠷᠮᠡᠭᠦᠨ | ᠵᠣᠷᠢᠭᠲᠠᠢ ᠪᠠᠷ ᠤᠷᠤᠭᠰᠢᠯᠠᠨ ᠳᠠᠪᠰᠢᠵᠤ᠂ ᠪᠦᠭᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠪᠠᠨ ᠴᠢᠷᠮᠠᠶᠢᠨ ᠪᠡᠶᠡᠯᠡᠭᠦᠯᠵᠦ᠂ | ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢ ᠲᠡᠭᠦᠰ ᠠᠮᠵᠢᠯᠲᠠ ᠲᠠᠢ ᠳᠠᠭᠤᠰᠬᠠᠬᠤ ᠶᠢ ᠦᠨᠡᠨ ᠬᠦ ᠪᠠᠲᠤᠯᠠᠵᠤ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ | ᠲᠠᠯ᠎ᠠ ᠪᠠᠷ ᠠᠬᠢᠭᠤᠯᠬᠤ ᠶᠢᠨ ᠲᠥᠯᠥᠭᠡ ᠴᠥᠬᠦᠷᠡᠰᠢ ᠦᠭᠡᠢ ᠲᠡᠮᠡᠴᠡᠵᠡᠭᠡᠶ᠎ᠡ︕ | ︵ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 12 ᠤᠨ ᠴᠠᠭᠢᠯᠭᠠᠨ ᠮᠡᠳᠡᠭᠡ᠂ | ᠳᠣᠮᠳᠠᠳᠣ ᠤᠯᠤᠰ ᠤᠨ ᠦᠨᠳᠦᠰᠦᠲᠡᠨ ᠤ ᠬᠡᠯᠡᠨ ᠤ ᠣᠷᠴᠢᠭᠤᠯᠭ᠎ᠠ ᠶᠢᠨ ᠲᠣᠪᠴᠢᠶ᠎ᠠ ᠣᠷᠴᠢᠭᠤᠯᠪᠠ︶ |