ᠮᠠᠨᠵᠤᠤᠷ ᠬᠤᠲᠠ ᠶᠢᠨ ᠵᠠᠰᠠᠭ ᠤᠨ ᠣᠷᠳᠣᠨ ᠴᠢᠬᠡᠴᠢ ᠵᠠᠰᠠᠭ​ ᠤᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/18
       3 ᠰᠠᠷ᠎ᠠ ᠶᠢᠨ 11 ᠤ ᠡᠳᠦᠷ᠂ ᠬᠤᠲᠠ ᠶᠢᠨ ᠵᠠᠰᠠᠭ ᠤᠨ ᠣᠷᠳᠣᠨ ᠠᠷᠢᠭᠤᠨ ᠴᠢᠬᠡᠴᠢ ᠪᠠᠷ ᠵᠠᠰᠠᠭ ᠪᠠᠷᠢᠬᠤ ᠠᠵᠢᠯ ᠤᠨ ᠬᠤᠷᠠᠯ ᠬᠤᠷᠠᠯᠳᠤᠭᠤᠯᠵᠤ᠂ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ  ᠲᠤᠤᠱᠯᠠᠭᠤᠯᠵᠤ ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠢ ᠭᠦᠨᠵᠡᠭᠡᠶ ᠠᠬᠢᠭᠤᠯᠵᠤ᠂ ᠠᠷᠢᠭᠤᠨ ᠴᠢᠬᠡᠴᠢ ᠪᠠᠷ ᠠᠵᠢᠯ ᠬᠢᠬᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠭᠦᠨ ᠵᠤᠵᠠᠭᠠᠨ ᠠᠭᠤᠷ ᠠᠮᠢᠰᠬᠤᠯ ᠢ ᠶᠡᠭᠡ ᠪᠠᠷ ᠪᠣᠶ ᠪᠣᠯᠭᠠᠵᠤ᠂ ᠪᠥᠬᠦ ᠬᠤᠲᠠ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠪᠠᠲᠤ ᠴᠢᠩᠭ᠎ᠠ ᠰᠠᠬᠢᠯᠭ᠎ᠠ ᠪᠠᠲᠤ ᠶᠢᠨ ᠪᠠᠲᠤᠯᠠᠭ᠎ᠠ ᠬᠠᠩᠭᠠᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠶᠤᠸᠠᠢ ᠭᠦᠸᠧ ᠳ᠋ᠦᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠪᠠᠷ ᠨᠡᠷ᠎ᠡ ᠳᠤᠷᠠᠳᠤᠭᠳᠠᠭᠴᠢ ᠴᠠᠩ ᠴᠢᠩ ᠬᠤᠷᠠᠯ ᠢ ᠡᠷᠭᠢᠯᠡᠵᠦ᠂ ᠰᠦᠢ ᠵᠢᠶᠠᠨ ᠫᠢᠩ᠂ ᠸᠧᠶ ᠬᠤᠩ ᠢᠦᠶ᠂ ᠵᠢᠶᠤᠤ ᠵᠢᠶᠧ᠂ ᠴᠧᠩ ᠭᠦᠸᠧ ᠪᠢᠨ᠂ ᠪᠠᠶ ᠶᠦᠩ ᠵᠢᠶᠦ᠋ᠨ ᠵᠡᠷᠭᠡ ᠬᠤᠲᠠ ᠶᠢᠨ ᠤᠳᠤᠷᠢᠳᠤᠯᠭ᠎ᠠ ᠬᠤᠷᠠᠯ ᠳᠤ ᠣᠷᠣᠯᠴᠠᠵᠠᠶ᠃       ᠬᠤᠷᠠᠯ ᠳᠡᠭᠡᠷ᠎ᠡ᠂ ᠬᠠᠮᠲᠤᠷᠠᠯᠴᠠᠭᠠᠨ ᠤ ᠲᠣᠭᠤᠷᠢᠭ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠴᠧᠩ ᠹᠠ ᠪᠠᠯᠠ ᠣᠷᠣᠭᠤᠯᠤᠯᠲᠠ ᠶᠢᠨ ᠪᠦᠯᠦᠭᠯᠡᠯ᠂ ᠬᠤᠶᠢᠲᠤ ᠲᠣᠭᠤᠷᠢᠭ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠴᠢᠬᠡᠴᠢ ᠵᠠᠰᠠᠭ ᠤᠨ ᠠᠵᠢᠯ ᠢ ᠥᠷᠨᠢᠭᠦᠯᠦᠭᠰᠡᠨ ᠪᠠᠶᠢᠳᠠᠯ ᠤᠨ ᠲᠣᠭᠤᠷᠢᠨ ᠳᠤ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃ ᠶᠤᠸᠠᠢ ᠭᠦᠸᠧ ᠳ᠋ᠦᠩ ᠵᠢᠭᠠᠵᠤ ᠭᠠᠷᠭᠠᠭᠰᠠᠨ ᠨᠢ᠂ ᠪᠦᠬᠦ ᠬᠤᠳᠠ ᠪᠠᠷ ᠢᠶᠠᠨ ᠤᠬᠠᠮᠰᠠᠷ ᠠᠴᠠ ᠪᠠᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠲᠠᠢ ᠨᠢᠭᠡᠳᠬᠡᠵᠦ᠂ ᠨᠠᠮ ᠤᠨ ᠲᠥᠪ ᠬᠤᠷᠢᠶ᠎ᠠ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ᠂ ᠳᠡᠭᠡᠳᠦ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠤᠨ ᠬᠤᠳᠠ ᠶᠢᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠳᠡᠭᠡᠷ᠎ᠡ ᠨᠢᠭᠡᠳᠬᠡᠵᠦ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠢᠷᠡᠯ ᠢ ᠡᠰᠡᠷᠭᠦᠴᠡᠬᠦ ᠲᠡᠮᠡᠴᠡᠯ ᠢ ᠲᠠᠰᠤᠷᠠᠯᠲᠠ ᠦᠭᠡᠢ ᠭᠦᠨᠵᠡᠭᠡᠶᠢᠷᠡᠭᠦᠯᠬᠦ ᠬᠡᠷᠡᠭᠲᠡᠢ᠃ ᠰᠤᠷᠲᠠᠯ ᠢᠯᠵᠢᠷᠠᠯ ᠢ ᠵᠡᠷᠭᠡ ᠪᠠᠷ ᠪᠠᠶᠢᠴᠠᠭᠠᠨ ᠵᠡᠷᠭᠡ ᠪᠠᠷ ᠵᠠᠰᠠᠬᠤ ᠶᠢ ᠭᠦᠨᠵᠡᠭᠡᠢ ᠠᠬᠢᠭᠤᠯᠵᠤ᠂ ᠵᠠᠩᠭᠢᠯᠠᠭ᠎ᠠ ᠶᠢᠨ ᠠᠵᠢᠯ ᠤᠨ ᠪᠠᠶᠢᠷᠢ ᠪᠣᠯᠤᠨ ᠠᠵᠢᠯᠳᠠᠨ᠂ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠪᠡᠯᠡ ᠮᠥᠩᠭᠦ᠂ ᠢᠯᠵᠠᠷᠠᠯ ᠠᠮᠠᠷᠬᠠᠨ ᠡᠭᠦᠰᠬᠦ ᠤᠯᠠᠨ ᠡᠭᠦᠰᠬᠦ ᠬᠦᠷᠢᠶ᠎ᠡ᠂ ᠤᠯᠠᠨ ᠲᠦᠮᠡᠨ ᠤ ᠳᠡᠷᠭᠡᠳᠡᠬᠢ ︽ᠢᠯᠠᠭ᠎ᠠ ᠱᠠᠮᠰᠢᠭᠴᠢ ᠰᠢᠷᠭᠤᠯᠵᠢ ᠶᠢᠨ ᠢᠯᠵᠠᠷᠠᠯ︾᠂ ᠠᠵᠤ ᠠᠬᠤᠶᠢᠯᠠᠯ ᠳᠤ ᠬᠤᠯᠪᠣᠭᠳᠠᠬᠤ ᠵᠠᠰᠠᠭ ᠵᠠᠬᠢᠷᠭᠠᠨ ᠤ ᠬᠢᠨᠠᠨ ᠪᠠᠶᠢᠴᠠᠭᠠᠵᠤ ᠬᠠᠤᠯᠢ ᠬᠡᠷᠡᠭᠵᠢᠭᠦᠯᠬᠦ ᠪᠠ ᠠᠵᠢᠯ ᠤᠨ ᠰᠠᠬᠢᠯᠭ᠎ᠠ ᠪᠠᠲᠤ ᠵᠡᠷᠭᠡ ᠵᠢᠷᠭᠤᠭᠠᠨ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠢᠯᠵᠢᠷᠡᠯ ᠢ ᠵᠠᠯᠬᠠᠭᠠᠨ ᠰᠢᠳᠬᠡᠬᠦ ᠰᠦᠷ ᠬᠦᠴᠦᠲᠦ ᠪᠠᠶᠢᠳᠠᠯ ᠢ ᠢᠮᠠᠭᠲᠠ ᠪᠠᠲᠤᠯᠠᠵᠤ᠂ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠡᠯ᠎ᠡ ᠲᠦᠷᠦᠯ ᠤᠨ ᠲᠦᠷᠢᠮ ᠲᠣᠭᠲᠠᠭᠠᠯ ᠰᠠᠬᠢᠯᠭ᠎ᠠ ᠪᠠᠲᠤ ᠶᠢ ᠵᠥᠷᠢᠴᠡᠭᠰᠡᠨ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠪᠣᠯᠤᠨ ᠰᠠᠶᠢᠨ ᠰᠠᠶᠢᠬᠠᠨ ᠬᠥᠭᠵᠢᠯᠲᠡ ᠶᠢᠨ ᠣᠷᠴᠢᠨ ᠲᠣᠭᠤᠷᠢᠨ ᠢ ᠪᠦᠬᠦ ᠬᠦᠴᠦᠨ ᠢᠶᠠᠷ ᠢᠶᠠᠨ ᠪᠤᠢ ᠪᠣᠯᠭᠠᠬᠤ ᠬᠡᠷᠡᠭᠲᠡᠢ  ᠭᠡᠵᠦ ᠴᠢᠬᠤᠯᠠᠴᠢᠯᠠᠪᠠ᠃       ᠶᠤᠸᠠᠢ ᠭᠦᠸᠧ ᠳ᠋ᠦᠩ ᠴᠢᠬᠤᠯᠠᠴᠢᠯᠠᠭᠰᠠᠨ ᠨᠢ᠂ ᠡᠯ᠎ᠡ ᠲᠣᠭᠤᠷᠢᠭ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠡ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠰᠤᠷᠲᠠᠯ ᠤᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠠ ᠲᠤᠬᠠᠶᠢᠯᠠᠭᠰᠠᠨ ᠠᠵᠢᠯ ᠢ ᠵᠡᠷᠭᠡᠪᠡᠷ ᠲᠥᠯᠥᠪᠵᠢᠭᠦᠯᠵᠦ᠂ ᠵᠡᠷᠭᠡᠪᠡᠷ ᠪᠠᠶᠢᠷᠢᠯᠠᠭᠤᠯᠵᠤ᠂ ᠵᠡᠷᠭᠡᠪᠡᠷ ᠠᠬᠢᠭᠤᠯᠵᠤ᠂ ᠵᠠᠰᠠᠭ ᠤᠨ ᠣᠷᠳᠣᠨ ᠤ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠦᠨᠡᠨᠬᠦ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠴᠢᠬᠤᠯᠠ ᠤᠯᠤᠰ ᠲᠦᠷᠦ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠴᠢᠩᠭ᠎ᠠ ᠪᠣᠳᠠᠲᠠᠶᠢᠵᠢᠭᠤᠯᠵᠤ᠂ ᠦᠵᠡᠯ ᠰᠠᠨᠠᠭ᠎ᠠ ᠪᠠᠨ ᠴᠢᠯᠥᠭᠡᠯᠡᠨ᠂ ᠬᠠᠲᠠᠭᠤᠵᠢᠯᠲᠠᠢ ᠠᠵᠢᠯᠯᠠᠵᠤ ᠪᠣᠳᠠᠲᠠᠢ ᠠᠵᠢᠯᠯᠠᠵᠤ᠂ ᠮᠠᠨ ᠤ ᠬᠤᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠡᠢ᠃     
ᠢᠷᠡᠯᠲᠡ᠄ ᠮᠠᠨᠵᠤᠤᠷ ᠬᠤᠲᠠ ᠶᠢᠨ ᠠᠷᠠᠳ ᠤᠨ ᠵᠠᠰᠠᠭ ᠤᠨ ᠣᠷᠳᠤᠨ