ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠯᠲᠡᠢ ᠲᠣᠬᠢᠷᠠᠭᠤᠯᠤᠯᠲᠠ ᠶᠢ ᠦᠨᠳᠦᠰᠦᠯᠡᠨ᠂ 3 ᠳ᠋ᠤᠭᠠᠷ ᠰᠠᠷ᠎ᠠ ᠶᠢᠨ 11 ᠤ ᠡᠳᠦᠷ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠥᠷᠪᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠠᠭᠤᠴᠢᠨ ᠪᠠᠷᠭᠤ ᠬᠤᠰᠢᠭᠤ ᠪᠠᠷ | ᠲᠣᠭᠤᠷᠢᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠶᠢᠨ ᠬᠤᠷᠠᠯ ᠬᠤᠷᠠᠯᠳᠤᠪᠠ᠃ ᠳᠠᠶᠢᠴᠢᠯᠠᠯᠲᠠ ᠶᠢᠨ ᠬᠤᠷᠠᠯ ᠳᠡᠭᠡᠷ᠎ᠡ᠂ ᠳᠥᠷᠪᠡᠳᠦᠭᠡᠷ ᠲᠣᠭᠤᠷᠢᠨ ᠪᠠᠶᠢᠴᠠᠭᠠᠬᠤ | ᠳᠤᠭᠤᠶᠢᠯᠠᠩ ᠤᠨ ᠳᠠᠷᠤᠭ᠎ᠠ ᠾᠥᠸᠧ ᠶᠦᠩ ᠸᠠᠩ ᠤᠳᠠᠯ ᠦᠭᠡᠢ ᠥᠷᠨᠢᠭᠦᠯᠬᠦ ᠪᠠᠷ ᠪᠠᠶᠢᠭ᠎ᠠ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠶᠠᠷᠢᠶ᠎ᠠ ᠲᠠᠯᠪᠢᠵᠤ᠂ | ᠬᠥᠯᠥᠨ ᠪᠤᠶᠢᠷ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠵᠦᠪᠯᠡᠯ ᠤᠨ ᠱᠦᠵᠢ ᠵᠤᠤ ᠴᠠᠩ ᠴᠢᠩ ᠬᠤᠷᠠᠯ | ᠡᠷᠬᠢᠯᠡᠨ ᠶᠠᠷᠢᠶ᠎ᠠ ᠲᠠᠯᠪᠢᠵᠤ᠂ ᠬᠠᠭᠤᠴᠢᠨ ᠪᠠᠷᠭᠤ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠵᠤᠤ ᠵᠢᠶᠠᠨ ᠪᠥᠸᠧ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠵᠠᠢ᠃ | | | ᠾᠥᠸᠧ ᠶᠦᠩ ᠸᠠᠩ᠂ ᠲᠣᠭᠤᠷᠢᠨ ᠪᠠᠶᠢᠴᠠᠭᠠᠬᠤ ᠪᠣᠯ ᠨᠠᠮ ᠤᠨ ᠳᠦᠷᠢᠮ ᠠᠴᠠ ᠣᠯᠭᠤᠭᠰᠠᠨ ᠴᠢᠬᠤᠯᠠ ᠡᠭᠦᠷᠭᠡ ᠬᠠᠷᠢᠭᠤᠴᠠᠯᠭ᠎ᠠ ᠮᠥᠨ᠃ ᠬᠠᠭᠤᠴᠢᠨ | ᠪᠠᠷᠭᠤ ᠬᠤᠰᠢᠭᠤᠨ ᠳᠤ ᠲᠣᠭᠤᠷᠢᠨ ᠪᠠᠶᠢᠴᠠᠭᠠᠯᠲᠠ ᠬᠢᠵᠦ᠂ ᠲᠤᠰ ᠭᠠᠵᠠᠷ ᠣᠷᠣᠨ ᠤ ᠨᠢᠭᠡᠨ ᠭᠤᠣᠯ ᠰᠢᠵᠢᠮ ᠢ ᠲᠤᠭᠤᠰᠢᠯᠠᠭᠤᠯᠵᠦ᠂ ᠬᠤᠶᠠᠷ ᠶᠡᠭᠡ ᠶᠠᠪᠤᠳᠠᠯ ᠢ | ᠰᠠᠶᠢᠲᠤᠷ ᠬᠢᠵᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠢᠨ᠎ᠡ ᠠᠶᠠᠨ ᠵᠠᠮ ᠢᠶᠠᠷ ᠤᠷᠤᠭᠰᠢᠯᠠᠬᠤ ᠳᠤ ᠠᠩᠬᠠᠷᠤᠯ ᠪᠠ ᠬᠦᠴᠦᠨ ᠢᠶᠠᠨ | ᠲᠥᠪᠯᠡᠷᠡᠭᠦᠯᠦᠨ ᠴᠢᠷᠮᠠᠶᠢᠬᠤ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠬᠡᠷᠡᠭᠵᠢᠭᠦᠯᠵᠦ᠂ ︽ | ᠵᠢᠷᠭᠤᠭᠠᠨ ᠠᠵᠢᠯᠯᠠᠭ᠎ᠠ︾ ᠶᠢ ᠵᠣᠬᠢᠶᠠᠨ ᠪᠠᠶᠢᠭᠤᠯᠤᠨ ᠥᠷᠨᠢᠭᠦᠯᠬᠦ ᠴᠢᠬᠤᠯᠠ ᠠᠷᠭ᠎ᠠ ᠠᠪᠴᠠᠯ ᠮᠥᠨ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ | ᠡᠯ᠎ᠡ ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠤᠯᠬᠤ ᠮᠦᠷᠳᠡᠭᠡᠨ ᠪᠦᠬᠦ | ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠬᠥᠭᠵᠢᠭᠦᠯᠬᠦ ᠶᠢ ᠠᠬᠢᠭᠤᠯᠬᠤ ᠴᠢᠬᠤᠯᠠ ᠠᠷᠭ᠎ᠠ ᠠᠪᠴᠠᠯ ᠪᠤᠯᠤᠨ᠎ᠠ᠃ ᠬᠠᠭᠤᠴᠢᠨ ᠪᠠᠷᠭᠤ ᠬᠤᠰᠢᠭᠤ | ᠲᠣᠭᠤᠷᠢᠨ ᠪᠠᠶᠢᠴᠠᠭᠠᠬᠤ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠬᠢᠨᠠᠯᠲᠠ ᠶᠢ ᠬᠦᠯᠢᠶᠡᠬᠦ ᠤᠬᠠᠮᠰᠠᠷᠲᠤ ᠴᠢᠨᠠᠷ ᠪᠣᠯᠣᠨ ᠰᠠᠨᠠᠭᠠᠴᠢᠯᠠᠭᠠᠲᠤ | ᠴᠢᠨᠠᠷ ᠢᠶᠠᠨ ᠦᠨᠡᠨᠬᠦ ᠴᠢᠩᠭᠠᠳᠬᠠᠬᠤ ᠬᠡᠷᠡᠭᠲᠡᠢ ᠭᠡᠵᠦ ᠴᠢᠩᠭᠠᠳᠬᠠᠪᠠ᠃ | ᠾᠥᠸᠧ ᠶᠦᠩ ᠸᠠᠩ ᠢᠯᠡᠷᠬᠡᠶᠢᠯᠡᠬᠦ ᠳᠡᠭᠡᠨ᠂ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠲᠣᠭᠤᠷᠢᠨ ᠪᠠᠶᠢᠴᠠᠭᠠᠬᠤ ᠠᠵᠢᠯ ᠤᠨ | ᠴᠢᠭᠯᠡᠯᠲᠡ ᠶᠢ ᠪᠥᠬᠦ ᠲᠠᠯ᠎ᠠ ᠪᠠᠷ ᠲᠤᠭᠤᠰᠢᠯᠠᠭᠤᠯᠵᠦ᠂ ᠨᠠᠮ ᠤᠨ ᠲᠥᠪ ᠬᠤᠷᠢᠶ᠎ᠠ ᠶᠢᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠵᠢᠴᠢ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠬᠤ ᠶᠢ ᠠᠬᠢᠭᠤᠯᠬᠤ᠂ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠬᠠᠷᠢᠭᠤᠴᠠᠯᠭ᠎ᠠ ᠶᠢ ᠭᠦᠢᠴᠡᠳᠬᠡᠬᠦ᠂ ᠰᠢᠨ᠎ᠡ ᠴᠠᠭ ᠦᠶ᠎ᠡ ᠶᠢᠨ ᠨᠠᠮ ᠤᠨ | ᠵᠣᠬᠢᠶᠠᠨ ᠪᠠᠶᠢᠭᠤᠯᠤᠯᠲᠠ ᠶᠢᠨ ᠱᠤᠭᠤᠮ ᠪᠠ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠵᠤ᠂ ᠬᠠᠭᠤᠴᠢᠨ ᠪᠠᠷᠭᠤ | ᠬᠤᠰᠢᠭᠤᠨ ᠤ ᠡᠯ᠎ᠡ ᠵᠦᠢᠯ ᠤᠨ ᠠᠵᠢᠯ ᠤᠨ ᠳᠤᠮᠳᠠ ᠣᠷᠣᠰᠢᠵᠤ ᠪᠠᠶᠢᠭ᠎ᠠ ᠵᠥᠷᠢᠶ᠎ᠡ ᠪᠠ ᠬᠦᠷᠦᠯᠴᠡᠬᠦ ᠦᠭᠡᠢ ᠲᠠᠯ᠎ᠠ ᠶᠢ ᠬᠦᠴᠦᠯᠡᠨ ᠡᠷᠢᠨ ᠭᠠᠷᠭᠠᠵᠤ᠂ ᠬᠠᠭᠤᠴᠢᠨ | ᠪᠠᠷᠭᠤ ᠬᠤᠰᠢᠭᠤᠨ ᠤ ᠬᠢᠨ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠠᠵᠢᠯ ᠢ ᠳᠡᠮᠵᠢᠨ ᠬᠠᠮᠵᠢᠯᠴᠠᠵᠤ᠂ ᠲᠣᠰ ᠡᠭᠡᠯᠵᠢ ᠶᠢᠨ ᠲᠣᠭᠤᠷᠢᠨ ᠪᠠᠶᠢᠴᠠᠭᠠᠬᠤ | ᠡᠭᠦᠷᠭᠡ ᠪᠠᠨ ᠬᠠᠮᠲᠤ ᠪᠠᠷ ᠰᠠᠶᠢᠲᠤᠷ ᠪᠡᠶᠡᠯᠡᠭᠦᠯᠬᠦ ᠬᠡᠷᠡᠭᠲᠡᠢ ᠭᠡᠵᠡᠢ᠃ | | | ᠵᠤᠤ ᠴᠠᠩ ᠴᠢᠩ ᠶᠠᠷᠢᠶᠠᠨ ᠳᠠᠭᠠᠨ᠂ ᠶᠡᠷᠦᠩᠬᠡᠢ ᠱᠦᠵᠢ ᠰᠢ ᠶᠢᠨ ᠫᠢᠩ ᠤᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ | ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ ᠠᠵᠢᠯ ᠥᠷᠨᠢᠭᠦᠯᠬᠦ ᠶᠢᠨ ᠴᠢᠬᠤᠯᠠ | ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠲᠣᠭᠤᠷᠢᠨ ᠪᠠᠶᠢᠴᠠᠭᠠᠬᠤ ᠠᠵᠢᠯ ᠤᠨ ᠲᠣᠬᠢᠷᠠᠭᠤᠯᠤᠯᠲᠠ ᠶᠢ ᠡᠷᠡᠰ ᠳᠠᠭᠠᠵᠤ᠂ ᠴᠡᠭᠴᠡᠯᠡᠨ ᠰᠠᠶᠢᠵᠢᠷᠠᠭᠤᠯᠵᠤ | ᠨᠠᠶᠢᠳᠠᠪᠤᠷᠢᠵᠢᠭᠤᠯᠬᠤ ᠶᠢ ᠴᠢᠩᠭ᠎ᠠ ᠪᠣᠳᠠᠲᠠᠢ ᠰᠠᠶᠢᠲᠤᠷ ᠠᠳᠬᠤᠵᠤ᠂ ᠦᠷ᠎ᠡ ᠪᠦᠲᠦᠭᠡᠯ ᠢ ᠬᠤᠪᠢᠷᠠᠭᠤᠯᠤᠨ ᠬᠡᠷᠡᠭᠵᠢᠭᠦᠯᠬᠦ ᠶᠢ ᠪᠠᠬᠢᠵᠢᠭᠦᠯᠦᠨ ᠭᠦᠨᠵᠡᠭᠡᠶᠢᠷᠡᠭᠦᠯᠵᠦ | ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠭᠦᠨᠵᠡᠭᠡᠶᠢᠷᠡᠨ ᠬᠥᠭᠵᠢᠬᠦ ᠶᠢ ᠦᠷᠭᠦᠯᠵᠢᠯᠡᠨ ᠠᠬᠢᠭᠤᠯᠤᠨ᠎ᠠ ᠭᠡᠵᠦ ᠢᠯᠡᠳᠬᠡᠪᠡ᠃ | ᠵᠣᠣ ᠵᠢᠶᠠᠨ ᠪᠥᠸᠧ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠣᠭᠤᠷᠢᠨ ᠪᠠᠶᠢᠴᠠᠭᠠᠬᠤ ᠳᠤᠭᠤᠶᠢᠯᠠᠩ ᠤᠨ | ᠳᠤᠷᠠᠳᠤᠭᠰᠠᠨ ᠠᠵᠢᠯ ᠤᠨ ᠱᠠᠭᠠᠷᠳᠠᠯᠭ᠎ᠠ ᠪᠠ ᠳᠠᠭᠠᠭᠠᠯᠭᠠᠭᠰᠠᠨ ᠡᠯ᠎ᠡ ᠵᠦᠢᠯ ᠤᠨ ᠡᠭᠦᠷᠭᠡ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ᠲᠣᠭᠤᠷᠢᠨ ᠪᠠᠶᠢᠴᠠᠭᠠᠬᠤ | ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠲᠣᠭᠤᠷᠢᠨ ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠶᠢ ᠡᠷᠡᠰ ᠰᠠᠶᠢᠲᠤᠷ ᠠᠳᠬᠤᠵᠤ᠂ ᠲᠣᠭᠤᠷᠢᠨ ᠪᠠᠶᠢᠴᠠᠭᠠᠭᠰᠠᠨ ᠦᠷ᠎ᠡ ᠪᠦᠲᠦᠭᠡᠯ ᠢ ᠦᠨᠡᠨ ᠪᠣᠳᠠᠲᠠᠢ ᠠᠵᠢᠯ ᠤᠨ ᠦᠷ᠎ᠡ ᠪᠦᠲᠦᠮᠵᠢ ᠳᠡᠭᠡᠷ᠎ᠡ | ᠢᠯᠡᠷᠡᠭᠦᠯᠦᠨ᠎ᠡ ᠭᠡᠵᠦ ᠢᠯᠡᠷᠬᠡᠶᠢᠯᠡᠵᠡᠢ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠥᠷᠪᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠡᠳ᠋ ᠳᠤᠭᠤᠶᠢᠯᠠᠩ ᠤᠨ ᠳᠠᠷᠤᠭ᠎ᠠ | ᠵᠢᠴᠢ ᠪᠦᠷᠢᠯᠳᠦᠭᠦᠨ᠂ ᠬᠠᠭᠤᠴᠢᠨ ᠪᠠᠷᠭᠤ ᠬᠤᠰᠢᠭᠤᠨ ᠤ ᠨᠠᠮ ᠤᠨ ᠬᠤᠷᠢᠶ᠎ᠠ ᠶᠢᠨ ᠤᠳᠤᠷᠢᠳᠬᠤ ᠪᠠᠭ ᠤᠨ ᠪᠦᠷᠢᠯᠳᠦᠭᠦᠨ ᠬᠤᠷᠠᠯ ᠳᠤ ᠣᠷᠣᠯᠴᠠᠵᠤ᠂ ᠡᠯ᠎ᠡ | ᠰᠠᠯᠠᠭ᠎ᠠ ᠮᠥᠴᠢᠷ ᠪᠠᠶᠢᠭᠤᠯᠭ᠎ᠠ ᠨᠢᠭᠡᠴᠡ ᠶᠢᠨ ᠭᠤᠣᠯ ᠬᠠᠷᠢᠭᠤᠴᠠᠯᠭᠠᠲᠠᠨ᠂ ᠰᠠᠯᠠᠭᠠᠨ ᠲᠡᠰ ᠠᠴᠠ ᠳᠡᠭᠡᠭᠰᠢᠬᠢ ᠺᠠᠳ᠋ᠷ ᠬᠤᠷᠠᠯ ᠳᠤ ᠰᠤᠯᠠ ᠣᠷᠣᠯᠴᠠᠪᠠ᠃ | ᠲᠣᠭᠤᠷᠢᠨ ᠪᠠᠶᠢᠴᠠᠭᠠᠬᠤ ᠬᠤᠭᠤᠴᠠᠭᠠᠨ ᠳᠤ᠂ ᠲᠣᠭᠤᠷᠢᠨ ᠪᠠᠶᠢᠴᠠᠭᠠᠬᠤ ᠳᠤᠭᠤᠶᠢᠯᠠᠩ ᠲᠤᠰᠬᠠᠢ ᠵᠢᠵᠢᠭᠦᠷᠯᠡᠬᠦ ᠤᠲᠠᠰᠤ ᠲᠣᠬᠢᠷᠠᠭᠤᠯᠪᠠ᠄ 0470 ︱ | 6710096᠂ ᠡᠳᠦᠷ ᠪᠦᠷᠢ ᠶᠢᠨ ᠤᠲᠠᠰᠤ ᠪᠠᠷ ᠬᠦᠯᠢᠶᠡᠨ ᠠᠪᠴᠤ ᠰᠢᠢᠳᠪᠦᠷᠢᠯᠡᠬᠦ ᠴᠠᠭ ᠨᠢ 8᠄ 00 ᠠᠴᠠ 18᠄ 00 ᠪᠣᠯᠣᠨ᠎ᠠ︔ ᠰᠢᠤᠳᠠᠨ ᠤ ᠵᠠᠬᠢᠳᠠᠯ ᠤᠨ | ᠬᠠᠶᠢᠷᠴᠠᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠯᠥᠨ ᠪᠤᠶᠢᠷ ᠬᠤᠲᠠ ᠶᠢᠨ ᠬᠠᠭᠤᠴᠢᠨ ᠪᠠᠷᠭᠤ ᠬᠤᠰᠢᠭᠤᠨ ᠤ A520 ᠨᠤᠮᠧᠷᠳᠤ | ᠰᠢᠤᠳᠠᠨ ᠤ ᠵᠠᠬᠢᠳᠠᠯ ᠤᠨ ᠬᠠᠶᠢᠷᠴᠠᠭ︔ ᠢᠮᠧᠯ᠄ xsszcq@163.com᠃ ᠡᠭᠦᠨ ᠤ ᠬᠠᠮᠲᠤ᠂ ᠬᠠᠭᠤᠴᠢᠨ ᠪᠠᠷᠭᠤ ᠬᠤᠰᠢᠭᠤᠨ ᠤ ᠮᠡᠷᠭᠡᠯ ᠭᠤᠥᠯ | ᠵᠣᠴᠢᠳ ᠤᠨ ᠪᠠᠭᠤᠳᠠᠯ ᠤᠨ ᠪᠠᠷᠠᠭᠤᠨ ᠡᠭᠦᠳᠡᠨ ᠤ ᠵᠠᠮ ᠤᠨ ᠡᠮᠦᠨ᠎ᠡ᠂ ᠬᠠᠭᠤᠴᠢᠨ ᠪᠠᠷᠭᠤ ᠬᠤᠰᠢᠭᠤᠨ ᠤ ᠲᠠᠩᠰᠠ ᠡᠪᠬᠡᠮᠡᠯ ᠮᠡᠳᠡᠭᠡ ᠵᠠᠩᠭᠢ ᠶᠢᠨ | ᠶᠡᠷᠦᠩᠬᠡᠶᠢᠯᠡᠭᠰᠡᠨ ᠠᠰᠠᠷ ᠤᠨ ᠭᠤᠥᠯ ᠡᠭᠦᠳᠡᠨ ᠤ ᠵᠡᠭᠦᠨ ᠲᠠᠯ᠎ᠠ ᠳᠤ᠂ ᠬᠠᠭᠤᠴᠢᠨ ᠪᠠᠷᠭᠤ ᠬᠤᠰᠢᠭᠤᠨ ᠤ ᠪᠠᠷᠭᠤ ᠠᠭᠤᠳᠠᠮ ᠲᠠᠯᠠᠪᠠᠶ ᠶᠢᠨ ᠵᠡᠭᠦᠨ ᠲᠠᠯ᠎ᠠ ᠳᠤ | ᠬᠠᠷᠢᠯᠴᠠᠬᠤ ᠵᠠᠬᠢᠳᠠᠯ ᠤᠨ ᠬᠠᠶᠢᠷᠴᠠᠭ ᠲᠤᠬᠢᠷᠠᠭᠤᠯᠵᠠᠢ᠃ ᠲᠣᠭᠤᠷᠢᠨ ᠪᠠᠶᠢᠴᠠᠭᠠᠬᠤ ᠳᠤᠭᠤᠶᠢᠯᠠᠩ ᠨᠢ ᠭᠤᠣᠯᠳᠠᠭᠤ ᠬᠠᠭᠤᠴᠢᠨ ᠪᠠᠷᠭᠤ ᠬᠤᠰᠢᠭᠤᠨ ᠤ ᠨᠠᠮ ᠤᠨ | ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ ᠤ ᠤᠳᠤᠷᠢᠳᠬᠤ ᠪᠠᠭ ᠵᠢᠴᠢ ᠲᠡᠭᠦᠨ ᠤ | ᠪᠦᠷᠢᠯᠳᠦᠭᠦᠨ᠂ ᠳᠣᠣᠷ᠎ᠠ ᠨᠢᠭᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠣᠯ ᠬᠠᠷᠢᠭᠤᠴᠠᠯᠭᠠᠲᠠᠨ ᠪᠣᠯᠣᠨ ᠴᠢᠬᠤᠯᠠ ᠠᠵᠢᠯ ᠤᠨ ᠪᠠᠶᠢᠷᠢ ᠶᠢᠨ | ᠤᠳᠤᠷᠢᠳᠬᠤ ᠺᠠᠳ᠋ᠷ ᠤᠨ ᠠᠰᠠᠭᠤᠳᠠᠯ ᠢ ᠲᠤᠰᠬᠠᠭᠰᠠᠨ ᠵᠠᠬᠢᠳᠠᠯ ᠤᠲᠠᠰᠤ ᠰᠣᠷᠪᠤᠯᠵᠢᠯᠠᠭ᠎ᠠ ᠶᠢ ᠬᠦᠯᠢᠶᠡᠨ ᠠᠪᠴᠤ ᠰᠢᠢᠳᠪᠦᠷᠢᠯᠡᠨ᠎ᠡ᠂ ᠭᠤᠣᠯᠳᠠᠯᠭ᠎ᠠ ᠨᠢ ᠤᠯᠤᠰ | ᠲᠦᠷᠦ ᠶᠢᠨ ᠰᠠᠬᠢᠯᠭ᠎ᠠ ᠪᠠᠲᠤ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ᠂ ᠠᠷᠢᠭᠤᠨ ᠴᠢᠬᠡᠴᠢ ᠶᠢᠨ ᠰᠠᠬᠢᠯᠭ᠎ᠠ ᠪᠠᠲᠤ᠂ ᠤᠯᠠᠨ ᠲᠦᠮᠡᠨ ᠤ ᠰᠠᠬᠢᠯᠭ᠎ᠠ ᠪᠠᠲᠤ᠂ | ᠠᠵᠢᠯ ᠤᠨ ᠰᠠᠬᠢᠯᠭ᠎ᠠ ᠪᠠᠲᠤ ᠪᠣᠯᠣᠨ ᠠᠮᠢᠳᠤᠷᠠᠯ ᠤᠨ ᠰᠠᠬᠢᠯᠭ᠎ᠠ ᠪᠠᠲᠤ ᠶᠢ ᠵᠥᠷᠢᠴᠡᠭᠰᠡᠨ ᠵᠡᠷᠭᠡ ᠲᠠᠯ᠎ᠠ ᠶᠢᠨ ᠢᠯᠡᠴᠢᠯᠡᠨ ᠮᠡᠳᠡᠭᠦᠯᠦᠯᠲᠡ ᠪᠣᠯᠣᠨ ᠲᠤᠰᠬᠠᠯ ᠪᠣᠯᠣᠨ᠎ᠠ᠃ | ᠲᠣᠭᠤᠷᠢᠨ ᠪᠠᠶᠢᠴᠠᠭᠠᠯᠲᠠ ᠶᠢᠨ ᠬᠦᠯᠢᠶᠡᠨ ᠠᠪᠴᠤ ᠰᠢᠢᠳᠪᠦᠷᠢᠯᠡᠬᠦ ᠬᠡᠪᠴᠢᠶᠡᠨ ᠳᠤ ᠦᠯᠦ ᠪᠠᠭᠲᠠᠬᠤ ᠪᠤᠰᠤᠳ ᠵᠠᠬᠢᠳᠠᠯ ᠰᠣᠷᠪᠤᠯᠵᠢᠯᠠᠭ᠎ᠠ ᠶᠢᠨ ᠠᠰᠠᠭᠤᠳᠠᠯ ᠢ | ᠲᠣᠭᠲᠠᠭᠠᠯ ᠶᠣᠰᠣᠭᠠᠷ ᠬᠤᠯᠪᠣᠭᠳᠠᠯ ᠪᠦᠬᠦᠢ ᠲᠠᠯ᠎ᠠ ᠶᠢᠨ ᠬᠢᠨ ᠳᠤ ᠲᠤᠰᠢᠶᠠᠵᠤ ᠨᠠᠷᠢᠨ ᠬᠢᠨᠠᠮᠠᠭᠠᠢ ᠰᠢᠢᠳᠪᠦᠷᠢᠯᠡᠭᠦᠯᠦᠨ᠎ᠡ᠃ ᠲᠣᠭᠤᠷᠢᠨ ᠪᠠᠶᠢᠴᠠᠭᠠᠬᠤ | ᠳᠤᠭᠤᠶᠢᠯᠠᠩ ᠨᠢ 2025 ᠣᠨ ᠤ 4 ᠰᠠᠷ᠎ᠠ ᠶᠢᠨ 25 ᠤ ᠡᠳᠦᠷ ᠪᠤᠯᠳᠠᠯ᠎ᠠ ᠵᠠᠬᠢᠳᠠᠯ ᠰᠣᠷᠪᠤᠯᠵᠢᠯᠠᠭ᠎ᠠ ᠶᠢ ᠬᠦᠯᠢᠶᠡᠨ ᠠᠪᠬᠤ ᠪᠤᠯᠤᠨ᠎ᠠ᠃ |