ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠯᠲᠡᠢ ᠲᠣᠬᠢᠷᠠᠭᠤᠯᠤᠯᠲᠠ ᠶᠢ ᠦᠨᠳᠦᠰᠦᠯᠡᠨ᠂ 3 ᠰᠠᠷ᠎ᠠ ᠶᠢᠨ 11 ᠤ ᠡᠳᠦᠷ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶᠠᠨ ᠤ ᠳᠥᠷᠪᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠰᠢᠨ᠎ᠡ ᠪᠠᠷᠭᠤ ᠵᠡᠭᠦᠨ ᠬᠤᠰᠢᠭᠤᠨ ᠳᠤ ᠣᠷᠣᠵᠤ ᠰᠠᠭᠤᠨ | ᠲᠣᠭᠤᠷᠢᠨ ᠪᠠᠶᠢᠴᠠᠭᠠᠬᠤ ᠳᠠᠶᠢᠴᠢᠯᠠᠯᠲᠠ ᠶᠢᠨ ᠬᠤᠷᠠᠯ ᠬᠤᠷᠠᠯᠳᠤᠪᠠ᠃ ᠳᠠᠶᠢᠴᠢᠯᠠᠯᠲᠠ ᠶᠢᠨ ᠬᠤᠷᠠᠯ ᠳᠡᠭᠡᠷ᠎ᠡ᠂ ᠳᠥᠷᠪᠡᠳᠦᠭᠡᠷ ᠲᠣᠭᠤᠷᠢᠨ ᠪᠠᠶᠢᠴᠠᠭᠠᠬᠤ | ᠳᠤᠭᠤᠶᠢᠯᠠᠩ ᠤᠨ ᠳᠠᠷᠤᠭ᠎ᠠ ᠾᠥᠸᠧ ᠶᠦᠩ ᠸᠠᠩ ᠤᠳᠠᠯ ᠦᠭᠡᠢ ᠥᠷᠨᠢᠭᠦᠯᠬᠦ ᠪᠠᠷ ᠪᠠᠶᠢᠭ᠎ᠠ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠶᠠᠷᠢᠶ᠎ᠠ ᠲᠠᠯᠪᠢᠵᠤ᠂ | ᠬᠥᠯᠥᠨ ᠪᠤᠶᠢᠷ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠵᠤᠤ ᠴᠠᠩ ᠴᠢᠩ ᠬᠤᠷᠠᠯ ᠢ | ᠡᠷᠬᠢᠯᠡᠨ ᠶᠠᠷᠢᠶ᠎ᠠ ᠲᠠᠯᠪᠢᠵᠤ᠂ ᠰᠢᠨ᠎ᠡ ᠪᠠᠷᠭᠤ ᠵᠡᠭᠦᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠨᠠᠢ ᠪᠢᠨ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠵᠠᠢ᠃ | ᠾᠥᠸᠧ ᠶᠦᠩ ᠸᠠᠩ ᠴᠢᠬᠤᠯᠠᠴᠢᠯᠠᠬᠤ ᠳᠠᠭᠠᠨ᠂ ᠲᠣᠭᠤᠷᠢᠨ ᠪᠠᠶᠢᠴᠠᠭᠠᠬᠤ ᠪᠣᠯ ᠨᠠᠮ ᠤᠨ ᠳᠦᠷᠢᠮ ᠠᠴᠠ ᠣᠯᠭᠤᠭᠰᠠᠨ ᠴᠢᠬᠤᠯᠠ ᠡᠭᠦᠷᠭᠡ ᠬᠠᠷᠢᠭᠤᠴᠠᠯᠭ᠎ᠠ ᠮᠥᠨ᠃ | ᠰᠢᠨ᠎ᠡ ᠪᠠᠷᠭᠤ ᠵᠡᠭᠦᠨ ᠬᠤᠰᠢᠭᠤᠨ ᠳᠤ ᠲᠣᠭᠤᠷᠢᠨ ᠪᠠᠶᠢᠴᠠᠭᠠᠯᠲᠠ ᠥᠷᠨᠢᠭᠦᠯᠬᠦ ᠨᠢ ᠲᠤᠰ ᠭᠠᠵᠠᠷ ᠣᠷᠣᠨ ᠤ ᠠᠩᠬᠠᠷᠤᠯ ᠢᠶᠠᠨ ᠲᠥᠪᠯᠡᠷᠡᠭᠦᠯᠵᠦ ᠬᠦᠴᠦᠨ ᠢᠶᠠᠨ | ᠨᠢᠭᠲᠠᠷᠠᠭᠤᠯᠤᠨ ᠨᠢᠭᠡᠨ ᠭᠤᠣᠯ ᠰᠢᠵᠢᠮ ᠢ ᠲᠤᠭᠤᠰᠢᠯᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ | ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠳᠠᠪᠰᠢᠬᠤ ᠶᠢ ᠠᠬᠢᠭᠤᠯᠬᠤ᠂ ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠬᠡᠷᠡᠭᠵᠢᠭᠦᠯᠵᠦ᠂ ︽ᠵᠢᠷᠭᠤᠭᠠᠨ | ᠠᠵᠢᠯᠯᠠᠭᠠᠨ︾ ᠢ ᠵᠣᠬᠢᠶᠠᠨ ᠪᠠᠶᠢᠭᠤᠯᠤᠨ ᠥᠷᠨᠢᠭᠦᠯᠬᠦ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠡᠯ᠎ᠡ ᠵᠦᠢᠯ ᠤᠨ ᠡᠭᠦᠷᠭᠡ ᠶᠢ | ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠬᠥᠭᠵᠢᠭᠦᠯᠬᠦ ᠶᠢ | ᠠᠬᠢᠭᠤᠯᠬᠤ ᠵᠡᠷᠭᠡ ᠶᠢᠨ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ ᠰᠢᠨ᠎ᠡ ᠪᠠᠷᠭᠤ ᠵᠡᠭᠦᠨ ᠬᠤᠰᠢᠭᠤ ᠲᠣᠭᠤᠷᠢᠨ ᠪᠠᠶᠢᠴᠠᠭᠠᠯᠲᠠ ᠶᠢᠨ ᠴᠢᠬᠤᠯᠠ ᠠᠴᠢ ᠬᠤᠯᠪᠣᠭᠳᠠᠯ ᠢ | ᠭᠦᠢᠴᠡᠳ ᠲᠠᠨᠢᠵᠤ᠂ ᠬᠢᠨᠠᠯᠲᠠ ᠶᠢ ᠬᠦᠯᠢᠶᠡᠬᠦ ᠤᠬᠠᠮᠰᠠᠷᠲᠤ ᠴᠢᠨᠠᠷ ᠪᠣᠯᠣᠨ ᠰᠠᠨᠠᠭᠠᠴᠢᠯᠠᠭᠠᠲᠤ ᠴᠢᠨᠠᠷ ᠢᠶᠠᠨ ᠦᠨᠡᠨᠬᠦ ᠴᠢᠩᠭᠠᠳᠬᠠᠬᠤ ᠬᠡᠷᠡᠭᠲᠡᠢ᠃ | ᠾᠥᠸᠧ ᠶᠦᠩ ᠸᠠᠩ ᠢᠯᠡᠷᠬᠡᠶᠢᠯᠡᠬᠦ ᠳᠡᠭᠡᠨ᠂ ᠲᠣᠭᠤᠷᠢᠨ ᠪᠠᠶᠢᠴᠠᠭᠠᠬᠤ ᠳᠤᠭᠤᠶᠢᠯᠠᠩ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠲᠣᠭᠤᠷᠢᠨ ᠪᠠᠶᠢᠴᠠᠭᠠᠬᠤ ᠠᠵᠢᠯ ᠤᠨ ᠴᠢᠭᠯᠡᠯᠲᠡ ᠶᠢ ᠪᠥᠬᠦ | ᠲᠠᠯ᠎ᠠ ᠪᠠᠷ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ ᠶᠢᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠵᠢᠴᠢ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠬᠤ ᠶᠢ ᠠᠬᠢᠭᠤᠯᠤᠭᠰᠠᠨ ᠪᠠᠶᠢᠳᠠᠯ᠂ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠬᠠᠷᠢᠭᠤᠴᠠᠯᠭ᠎ᠠ ᠶᠢ ᠭᠦᠢᠴᠡᠳᠬᠡᠭᠰᠡᠨ ᠪᠠᠶᠢᠳᠠᠯ᠂ ᠰᠢᠨ᠎ᠡ ᠴᠠᠭ | ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠪᠠ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠵᠤ᠂ | ᠰᠢᠨ᠎ᠡ ᠪᠠᠷᠭᠤ ᠵᠡᠭᠦᠨ ᠬᠤᠰᠢᠭᠤᠨ ᠤ ᠡᠯ᠎ᠡ ᠵᠦᠢᠯ ᠤᠨ ᠠᠵᠢᠯ ᠤᠨ ᠳᠤᠮᠳᠠ ᠣᠷᠣᠰᠢᠵᠤ ᠪᠠᠶᠢᠭ᠎ᠠ ᠵᠥᠷᠢᠶ᠎ᠡ ᠪᠠ ᠬᠦᠷᠦᠯᠴᠡᠬᠦ ᠦᠭᠡᠢ ᠲᠠᠯ᠎ᠠ ᠶᠢ ᠬᠦᠴᠦᠯᠡᠨ ᠡᠷᠢᠨ᠎ᠡ᠃ | ᠰᠢᠨ᠎ᠡ ᠪᠠᠷᠭᠤ ᠵᠡᠭᠦᠨ ᠬᠤᠰᠢᠭᠤ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠠᠵᠢᠯ ᠢ ᠳᠡᠮᠵᠢᠨ ᠬᠠᠮᠵᠢᠯᠴᠠᠵᠤ᠂ ᠠᠳᠠᠯᠢ ᠰᠡᠳᠦᠪ ᠢ ᠬᠠᠮᠲᠤ ᠪᠠᠷ ᠬᠠᠷᠢᠭᠤᠯᠬᠤ | ᠣᠶᠢᠯᠠᠭᠠᠭᠳᠠᠬᠤᠨ ᠢᠶᠠᠷ ᠲᠣᠰ ᠡᠭᠡᠯᠵᠢ ᠶᠢᠨ ᠲᠣᠭᠤᠷᠢᠨ ᠪᠠᠶᠢᠴᠠᠭᠠᠬᠤ ᠡᠭᠦᠷᠭᠡ ᠪᠠᠨ ᠬᠠᠮᠲᠤ ᠪᠠᠷ ᠰᠠᠶᠢᠲᠤᠷ ᠪᠡᠶᠡᠯᠡᠭᠦᠯᠬᠦ ᠬᠡᠷᠡᠭᠲᠡᠢ᠃ | ᠵᠤᠤ ᠴᠠᠩ ᠴᠢᠩ ᠶᠠᠷᠢᠶᠠᠨ ᠳᠠᠭᠠᠨ ᠢᠯᠡᠷᠬᠡᠶᠢᠯᠡᠬᠦ ᠳᠡᠭᠡᠨ᠂ ᠶᠡᠷᠦᠩᠬᠡᠢ ᠱᠦᠵᠢ ᠰᠢ ᠶᠢᠨ ᠫᠢᠩ ᠤᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠴᠢᠬᠤᠯᠠ | ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ ᠠᠵᠢᠯ | ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠲᠣᠭᠤᠷᠢᠨ ᠪᠠᠶᠢᠴᠠᠭᠠᠬᠤ ᠠᠵᠢᠯ ᠤᠨ ᠲᠣᠬᠢᠷᠠᠭᠤᠯᠤᠯᠲᠠ ᠶᠢ ᠡᠷᠡᠰ ᠳᠠᠭᠠᠵᠤ᠂ | ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠴᠢᠩᠭ᠎ᠠ ᠪᠣᠳᠠᠲᠠᠢ ᠰᠠᠶᠢᠲᠤᠷ ᠠᠳᠬᠤᠵᠤ᠂ ᠦᠷ᠎ᠡ ᠪᠦᠲᠦᠭᠡᠯ ᠢ ᠬᠤᠪᠢᠷᠠᠭᠤᠯᠤᠨ ᠬᠡᠷᠡᠭᠯᠡᠬᠦ ᠶᠢ ᠪᠠᠬᠢᠵᠢᠭᠦᠯᠦᠨ | ᠭᠦᠨᠵᠡᠭᠡᠶᠢᠷᠡᠭᠦᠯᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠭᠦᠨᠵᠡᠭᠡᠶᠢᠷᠡᠨ ᠬᠥᠭᠵᠢᠬᠦ ᠶᠢ ᠦᠷᠭᠦᠯᠵᠢᠯᠡᠨ ᠠᠬᠢᠭᠤᠯᠬᠤ ᠬᠡᠷᠡᠭᠲᠡᠢ ᠭᠡᠵᠡᠢ᠃ | ᠸᠠᠩ ᠨᠠᠢ ᠪᠢᠨ ᠢᠯᠡᠷᠬᠡᠶᠢᠯᠡᠬᠦ ᠳᠡᠭᠡᠨ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠠᠨᠠᠭᠠᠴᠢᠯᠠᠭ᠎ᠠ ᠠᠴᠠ ᠪᠠᠨ ᠳᠡᠮᠵᠢᠨ ᠬᠠᠮᠵᠢᠯᠴᠠᠵᠤ᠂ | ᠲᠣᠭᠤᠷᠢᠨ ᠪᠠᠶᠢᠴᠠᠭᠠᠬᠤ ᠡᠭᠦᠷᠭᠡ ᠪᠠᠨ ᠴᠢᠨᠠᠷ ᠰᠠᠶᠢᠲᠠᠢ ᠪᠡᠶᠡᠯᠡᠭᠦᠯᠬᠦ ᠬᠡᠷᠡᠭᠲᠡᠢ᠃ ᠡᠯ᠎ᠡ ᠵᠦᠢᠯ ᠤᠨ ᠬᠠᠷᠰᠢ ᠰᠠᠭᠠᠳ ᠢ ᠴᠢᠷᠮᠠᠶᠢᠨ ᠠᠷᠢᠯᠭᠠᠵᠤ᠂ ᠲᠣᠭᠤᠷᠢᠨ | ᠪᠠᠶᠢᠴᠠᠭᠠᠬᠤ ᠳᠤᠭᠤᠶᠢᠯᠠᠩ ᠤᠨ ᠠᠵᠢᠯ ᠢᠶᠠᠨ ᠥᠨᠳᠥᠷ ᠪᠦᠲᠦᠮᠵᠢᠲᠡᠢ ᠪᠠᠷ ᠥᠷᠨᠢᠭᠦᠯᠬᠦ ᠳᠤ ᠰᠠᠶᠢᠨ ᠰᠠᠶᠢᠬᠠᠨ ᠣᠷᠴᠢᠨ ᠲᠣᠭᠤᠷᠢᠨ ᠪᠠ ᠨᠥᠬᠦᠴᠡᠯ ᠢ ᠬᠠᠩᠭᠠᠬᠤ | ᠬᠡᠷᠡᠭᠲᠡᠢ᠃ ᠳᠠᠷᠤᠢ ᠬᠡᠷᠡᠭᠵᠢᠭᠦᠯᠵᠦ ᠳᠠᠷᠤᠢ ᠥᠭᠡᠷᠡᠴᠢᠯᠡᠬᠦ ᠶᠢ ᠪᠠᠷᠢᠮᠲᠠᠯᠠᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠡᠷᠡᠰ | ᠨᠠᠶᠢᠳᠠᠪᠤᠷᠢᠵᠢᠭᠤᠯᠤᠨ᠂ ᠬᠤᠰᠢᠭᠤᠨ ᠤ ᠨᠠᠮ ᠤᠨ ᠬᠤᠷᠢᠶᠠᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠭᠦᠢᠴᠡᠳᠬᠡᠵᠦ᠂ ᠱᠦᠵᠢ ᠶᠢᠨ | ︽ᠨᠢᠭᠡᠳᠦᠭᠡᠷ ᠬᠠᠷᠢᠭᠤᠴᠠᠯᠭᠠᠲᠠᠨ︾ ᠤ ᠬᠠᠷᠢᠭᠤᠴᠠᠯᠭ᠎ᠠ ᠪᠠ ᠪᠠᠭ ᠤᠨ ᠪᠦᠷᠢᠯᠳᠦᠭᠦᠨ ᠤ ︽ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ | ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠡᠭᠦᠷᠭᠡ ᠶᠢᠨ ᠤᠴᠢᠷ ᠪᠣᠯᠭᠠᠨ ᠳᠤ ᠬᠠᠷᠢᠭᠤ ᠲᠤᠰᠬᠠᠯ ᠲᠠᠢ᠂ ᠶᠠᠪᠤᠳᠠᠯ ᠪᠣᠯᠭᠠᠨ ᠳᠤ | ᠨᠠᠶᠢᠳᠠᠪᠤᠷᠢᠵᠢᠭᠤᠯᠤᠯᠲᠠ ᠲᠠᠢ ᠪᠠᠶᠢᠬᠤ ᠶᠢ ᠪᠠᠲᠤᠯᠠᠬᠤ ᠬᠡᠷᠡᠭᠲᠡᠢ᠃ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠥᠷᠪᠡᠳᠦᠭᠡᠷ ᠲᠣᠭᠤᠷᠢᠨ ᠪᠠᠶᠢᠴᠠᠭᠠᠬᠤ | ᠳᠤᠭᠤᠶᠢᠯᠠᠩ ᠤᠨ ᠳᠡᠳ᠋ ᠳᠠᠷᠤᠭ᠎ᠠ ᠵᠢᠴᠢ ᠪᠦᠷᠢᠯᠳᠦᠭᠦᠨ᠂ ᠰᠢᠨ᠎ᠡ ᠪᠠᠷᠭᠤ ᠵᠡᠭᠦᠨ ᠬᠤᠰᠢᠭᠤᠨ ᠤ ᠨᠠᠮ ᠤᠨ ᠬᠤᠷᠢᠶ᠎ᠠ ᠶᠢᠨ ᠤᠳᠤᠷᠢᠳᠬᠤ ᠪᠠᠭ ᠤᠨ ᠪᠦᠷᠢᠯᠳᠦᠭᠦᠨ | ᠬᠤᠷᠠᠯ ᠳᠤ ᠣᠷᠣᠯᠴᠠᠵᠤ᠂ ᠡᠯ᠎ᠡ ᠰᠠᠯᠠᠭ᠎ᠠ ᠮᠥᠴᠢᠷ ᠨᠢᠭᠡᠴᠢ ᠶᠢᠨ ᠭᠤᠣᠯ ᠬᠠᠷᠢᠭᠤᠴᠠᠯᠭᠠᠲᠠᠨ᠂ ᠰᠠᠯᠠᠭᠠᠨ ᠤ ᠲᠡᠰ ᠠᠴᠠ ᠳᠡᠭᠡᠭᠰᠢᠬᠢ ᠺᠠᠳ᠋ᠷ ᠬᠤᠷᠠᠯ ᠳᠤ ᠰᠤᠯᠠ | ᠣᠷᠣᠯᠴᠠᠪᠠ᠃ | ᠲᠣᠭᠤᠷᠢᠨ ᠪᠠᠶᠢᠴᠠᠭᠠᠬᠤ ᠬᠤᠭᠤᠴᠠᠭᠠᠨ ᠳᠤ᠂ ᠲᠣᠭᠤᠷᠢᠨ ᠪᠠᠶᠢᠴᠠᠭᠠᠬᠤ ᠳᠤᠭᠤᠶᠢᠯᠠᠩ ᠲᠤᠰᠬᠠᠢ ᠵᠢᠵᠢᠭᠦᠷᠯᠡᠬᠦ ᠤᠲᠠᠰᠤ ᠲᠣᠬᠢᠷᠠᠭᠤᠯᠪᠠ᠄ 0470︱ | 6608674᠂ ᠡᠳᠦᠷ ᠪᠦᠷᠢ ᠶᠢᠨ ᠬᠦᠯᠢᠶᠡᠨ ᠠᠪᠴᠤ ᠰᠢᠢᠳᠪᠦᠷᠢᠯᠡᠬᠦ ᠴᠠᠭ ᠨᠢ 8 ᠴᠠᠭ ᠠᠴᠠ 18 ᠴᠠᠭ ᠤᠨ ᠬᠤᠭᠤᠷᠣᠨᠳᠤ ᠪᠣᠯᠣᠨ᠎ᠠ︔ ᠰᠢᠤᠳᠠᠨ ᠤ | ᠵᠠᠬᠢᠳᠠᠯ ᠤᠨ ᠬᠠᠶᠢᠷᠴᠠᠭ᠄ ᠰᠢᠨ᠎ᠡ ᠪᠠᠷᠭᠤ ᠵᠡᠭᠦᠨ ᠬᠤᠰᠢᠭᠤᠨ ᠤ A518 ᠨᠣᠮᠧᠷᠲᠤ ᠰᠢᠤᠳᠠᠨ ᠤ ᠵᠠᠬᠢᠳᠠᠯ ᠤᠨ ᠬᠠᠶᠢᠷᠴᠠᠭ︔ ᠡᠯᠧᠺᠲᠷᠣᠨ ᠵᠠᠬᠢᠳᠠᠯ ᠤᠨ ᠬᠠᠶᠢᠷᠴᠠᠭ᠄ | xs4zxzq@163.com᠃ ᠡᠭᠦᠨ ᠤ ᠬᠠᠮᠲᠤ᠂ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠰᠠᠭᠤᠭ᠎ᠠ ᠵᠣᠴᠢᠳ ᠤᠨ ᠪᠠᠭᠤᠳᠠᠯ᠂ ᠬᠤᠳᠠ ᠶᠢᠨ | ᠲᠣᠭᠤᠷᠢᠭ ᠤᠨ ᠠᠭᠤᠳᠠᠮ ᠲᠠᠯᠠᠪᠠᠢ᠂ ᠨᠠᠮ ᠵᠠᠰᠠᠭ ᠤᠨ ᠠᠵᠢᠯᠯᠠᠬᠤ ᠲᠣᠭᠤᠷᠢᠭ ᠲᠤ ᠬᠠᠷᠢᠯᠴᠠᠬᠤ ᠵᠠᠬᠢᠳᠠᠯ ᠤᠨ ᠬᠠᠶᠢᠷᠴᠠᠭ ᠲᠣᠬᠢᠷᠠᠭᠤᠯᠵᠤ᠂ ︽ᠺᠣᠳ᠋ ᠢᠶᠠᠷ ᠲᠣᠭᠤᠷᠢᠨ | ᠪᠠᠶᠢᠴᠠᠭᠠᠬᠤ︾ ᠶᠢ ᠨᠠᠭᠠᠪᠠ᠃ ᠲᠣᠭᠤᠷᠢᠨ ᠪᠠᠶᠢᠴᠠᠭᠠᠬᠤ ᠳᠤᠭᠤᠶᠢᠯᠠᠩ ᠭᠤᠣᠯᠳᠠᠭᠤ ᠰᠢᠨ᠎ᠡ ᠪᠠᠷᠭᠤ ᠵᠡᠭᠦᠨ ᠬᠤᠰᠢᠭᠤᠨ ᠤ ᠨᠠᠮ ᠤᠨ ᠬᠤᠷᠢᠶ᠎ᠠ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ ᠤ ᠤᠳᠤᠷᠢᠳᠬᠤ ᠪᠠᠭ ᠵᠢᠴᠢ ᠲᠡᠭᠦᠨ ᠤ ᠪᠦᠷᠢᠯᠳᠦᠭᠦᠨ᠂ ᠳᠣᠣᠷ᠎ᠠ | ᠨᠢᠭᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠣᠯ ᠬᠠᠷᠢᠭᠤᠴᠠᠯᠭᠠᠲᠠᠨ ᠪᠣᠯᠣᠨ ᠴᠢᠬᠤᠯᠠ ᠠᠵᠢᠯ ᠤᠨ ᠪᠠᠶᠢᠷᠢ ᠶᠢᠨ ᠤᠳᠤᠷᠢᠳᠬᠤ ᠺᠠᠳ᠋ᠷ ᠤᠨ | ᠠᠰᠠᠭᠤᠳᠠᠯ ᠢ ᠲᠤᠰᠬᠠᠭᠰᠠᠨ ᠵᠠᠬᠢᠳᠠᠯ ᠤᠲᠠᠰᠤ ᠰᠣᠷᠪᠤᠯᠵᠢᠯᠠᠭ᠎ᠠ ᠶᠢ ᠬᠦᠯᠢᠶᠡᠨ ᠠᠪᠴᠤ ᠰᠢᠢᠳᠪᠦᠷᠢᠯᠡᠵᠦ᠂ ᠭᠤᠣᠯ ᠨᠢ ᠤᠯᠤᠰ ᠲᠦᠷᠦ ᠶᠢᠨ ᠰᠠᠬᠢᠯᠭ᠎ᠠ ᠪᠠᠲᠤ᠂ | ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ᠂ ᠠᠷᠢᠭᠤᠨ ᠴᠢᠬᠡᠴᠢ ᠪᠠᠶᠢᠬᠤ ᠰᠠᠬᠢᠯᠭ᠎ᠠ ᠪᠠᠲᠤ᠂ ᠤᠯᠠᠨ ᠲᠦᠮᠡᠨᠴᠢ ᠰᠠᠬᠢᠯᠭ᠎ᠠ ᠪᠠᠲᠤ᠂ ᠠᠵᠢᠯ ᠤᠨ ᠰᠠᠬᠢᠯᠭ᠎ᠠ ᠪᠠᠲᠤ | ᠪᠠ ᠠᠮᠢᠳᠤᠷᠠᠯ ᠤᠨ ᠰᠠᠬᠢᠯᠭ᠎ᠠ ᠪᠠᠲᠤ ᠶᠢ ᠵᠥᠷᠢᠴᠡᠭᠰᠡᠨ ᠵᠡᠷᠭᠡ ᠲᠠᠯ᠎ᠠ ᠪᠠᠷ ᠢᠯᠡᠴᠢᠯᠡᠨ ᠮᠡᠳᠡᠭᠦᠯᠦᠭᠰᠡᠨ ᠪᠠ ᠲᠤᠰᠬᠠᠭᠰᠠᠨ ᠶᠠᠪᠤᠳᠠᠯ ᠢ ᠬᠦᠯᠢᠶᠡᠨ ᠠᠪᠴᠤ | ᠰᠢᠢᠳᠪᠦᠷᠢᠯᠡᠨ᠎ᠡ᠃ ᠲᠣᠭᠤᠷᠢᠨ ᠪᠠᠶᠢᠴᠠᠭᠠᠯᠲᠠ ᠶᠢᠨ ᠬᠦᠯᠢᠶᠡᠨ ᠠᠪᠴᠤ ᠰᠢᠢᠳᠪᠦᠷᠢᠯᠡᠬᠦ ᠬᠡᠪᠴᠢᠶᠡᠨ ᠳᠤ ᠪᠠᠭᠲᠠᠬᠤ ᠦᠭᠡᠢ ᠪᠤᠰᠤᠳ ᠵᠠᠬᠢᠳᠠᠯ ᠰᠣᠷᠪᠤᠯᠵᠢᠯᠠᠭ᠎ᠠ ᠶᠢᠨ | ᠠᠰᠠᠭᠤᠳᠠᠯ ᠢ ᠲᠣᠭᠲᠠᠭᠠᠯ ᠶᠣᠰᠣᠭᠠᠷ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠲᠤᠰᠢᠶᠠᠵᠤ ᠨᠠᠷᠢᠨ ᠬᠢᠨᠠᠮᠠᠭᠠᠢ ᠰᠢᠢᠳᠪᠦᠷᠢᠯᠡᠭᠦᠯᠦᠨ᠎ᠡ᠃ ᠲᠣᠭᠤᠷᠢᠨ ᠪᠠᠶᠢᠴᠠᠭᠠᠬᠤ | ᠳᠤᠭᠤᠶᠢᠯᠠᠩ ᠤᠨ ᠵᠠᠬᠢᠳᠠᠯ ᠰᠣᠷᠪᠤᠯᠵᠢᠯᠠᠭ᠎ᠠ ᠶᠢ ᠬᠦᠯᠢᠶᠡᠨ ᠠᠪᠴᠤ ᠰᠢᠢᠳᠪᠦᠷᠢᠯᠡᠬᠦ ᠴᠠᠭ ᠨᠢ 2025 ᠣᠨ ᠤ 4 ᠰᠠᠷ᠎ᠠ ᠶᠢᠨ 25 ᠤ ᠡᠳᠦᠷ ᠬᠦᠷᠦᠨ᠎ᠡ᠃ |