3 ᠰᠠᠷ᠎ᠠ ᠶᠢᠨ 11 ᠤ ᠡᠳᠦᠷ᠂ ᠮᠠᠨ ᠤ ᠬᠤᠲᠠ ᠪᠥᠬᠦ ᠬᠤᠲᠠ ᠶᠢᠨ ᠠᠶᠤᠯᠭᠦᠶ ᠦᠢᠯᠡᠳᠪᠦᠷᠢᠯᠡᠯ ᠵᠢᠴᠢ ᠣᠶ ᠰᠢᠭᠤᠶ ᠨᠤᠲᠤᠭ ᠪᠡᠯᠴᠢᠭᠡᠷ ᠤᠨ ᠭᠠᠯ | ᠰᠡᠷᠭᠡᠶᠢᠯᠡᠨ ᠤᠨᠲᠠᠷᠠᠭᠠᠬᠤ ᠠᠵᠢᠯ ᠤᠨ ᠬᠤᠷᠠᠯ ᠬᠤᠷᠠᠯᠳᠤᠭᠤᠯᠵᠤ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠲᠠ ᠶᠢᠨ | ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠵᠢᠯᠣᠭᠤᠳᠬᠤ ᠭᠠᠵᠠᠷ ᠤᠨ ᠶᠡᠷᠦᠩᠬᠡᠶ ᠵᠢᠯᠣᠭᠤᠳᠣᠭᠴᠢ ᠶᠤᠸᠠᠢ ᠭᠦᠸᠧ ᠳ᠋ᠦᠩ | ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠪᠠᠷ ᠨᠡᠷ᠎ᠡ | ᠳᠤᠷᠠᠳᠤᠭᠳᠠᠭᠴᠢ ᠴᠠᠩ ᠴᠢᠩ ᠬᠤᠷᠠᠯ ᠢ ᠡᠷᠭᠢᠯᠡᠵᠦ᠂ ᠸᠧᠶ ᠬᠤᠩ ᠢᠦᠶ᠂ ᠵᠢᠶᠤᠤ ᠵᠢᠶᠧ᠂ ᠴᠧᠩ ᠭᠦᠸᠧ ᠪᠢᠨ᠂ ᠪᠠᠶ ᠶᠦᠩ ᠵᠢᠶᠦ᠋ᠨ ᠵᠡᠷᠭᠡ ᠬᠤᠲᠠ ᠶᠢᠨ | ᠤᠳᠤᠷᠢᠳᠤᠯᠭ᠎ᠠ ᠬᠤᠷᠠᠯ ᠳᠤ ᠣᠷᠣᠯᠴᠠᠵᠠᠶ᠃ | ᠬᠤᠷᠠᠯ ᠳᠡᠭᠡᠷ᠎ᠡ᠂ ᠴᠠᠩ ᠴᠢᠩ ᠥᠪᠡᠷᠲᠡᠭᠡᠨ ᠵᠠᠰᠠᠬᠤ ᠣᠷᠣᠨ ᠤ ᠠᠶᠤᠯᠭᠦᠢ ᠦᠢᠯᠡᠳᠪᠦᠷᠢᠯᠡᠯ᠂ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ | ᠤᠨᠲᠠᠷᠠᠭᠠᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠵᠢᠴᠢ ᠬᠤᠳᠠ ᠶᠢᠨ ᠨᠠᠮ ᠤᠨ ᠬᠤᠷᠢᠶᠠᠨ ᠤ ᠭᠤᠣᠯ ᠤᠳᠤᠷᠢᠳᠤᠯᠭ᠎ᠠ ᠶᠢᠨ ᠴᠣᠬᠤᠯᠠᠪᠤᠷᠢ ᠶᠢᠨ ᠰᠠᠨᠠᠯ ᠢ | ᠤᠯᠠᠮᠵᠢᠯᠠᠪᠠ︔ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠠᠴᠠ ᠤᠢᠢᠷ᠎ᠠ ᠶᠢᠨ ᠬᠤᠭᠤᠴᠠᠭᠠᠨ ᠤ ᠪᠦᠬᠦ ᠬᠤᠳᠠ ᠶᠢᠨ ᠠᠶᠤᠯᠭᠦᠢ ᠦᠢᠯᠡᠳᠪᠦᠷᠢᠯᠡᠯ | ᠪᠣᠯᠤᠨ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠥᠷᠨᠢᠭᠦᠯᠦᠭᠰᠡᠨ ᠪᠠᠶᠢᠳᠠᠯ ᠢ ᠮᠡᠳᠡᠭᠳᠡᠪᠡ︔ ᠬᠠᠮᠢᠶ᠎ᠠ ᠪᠦᠬᠦᠢ ᠰᠠᠯᠠᠭ᠎ᠠ | ᠮᠥᠴᠢᠷ ᠤᠨ ᠬᠢᠨ ᠠᠶᠤᠯᠭᠦᠢ ᠦᠢᠯᠡᠳᠪᠦᠷᠢᠯᠡᠯ᠂ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠥᠷᠨᠢᠭᠦᠯᠦᠭᠰᠡᠨ ᠪᠠᠶᠢᠳᠠᠯ ᠵᠢᠴᠢ | ᠳᠠᠷᠠᠭᠠᠴᠢ ᠶᠢᠨ ᠠᠯᠬᠤᠮ ᠤᠨ ᠠᠵᠢᠯ ᠤᠨ ᠲᠤᠬᠢᠷᠠᠭᠤᠯᠤᠯᠳᠠ ᠶᠢ ᠬᠠᠷᠢᠭᠤ ᠮᠡᠳᠡᠭᠦᠯᠵᠡᠢ᠃ | ᠶᠤᠸᠠᠢ ᠭᠦᠸᠧ ᠳ᠋ᠦᠩ ᠵᠢᠭᠠᠵᠤ ᠭᠠᠷᠭᠠᠭᠰᠠᠨ ᠨᠢ᠂ ᠡᠯ᠎ᠡ ᠲᠣᠭᠤᠷᠢᠭ᠂ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠶᠡᠷᠦᠩᠬᠡᠶ ᠱᠦᠵᠢ ᠶᠢᠨ | ᠠᠶᠤᠯᠭᠦᠶ ᠦᠢᠯᠡᠳᠪᠦᠷᠢᠯᠡᠯ ᠪᠠ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ | ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ᠂ ᠬᠠᠮᠢᠶ᠎ᠠ ᠪᠥᠬᠦᠶ ᠠᠵᠢᠯ ᠢ ᠰᠠᠶᠢᠲᠤᠷ ᠬᠢᠬᠦ | ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ᠂ ᠲᠤᠯᠭᠠᠮ᠎ᠠ ᠰᠡᠳᠬᠢᠯᠭᠡ ᠪᠠᠨ ᠴᠢᠩᠭᠠᠳᠬᠠᠬᠤ ᠬᠡᠷᠡᠭᠲᠡᠶ᠃ ᠠᠶᠤᠯᠭᠦᠢ ᠦᠢᠯᠡᠳᠪᠦᠷᠢᠯᠡᠯ ᠪᠣᠯᠤᠨ ᠤᠢ | ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠤᠬᠠᠭᠤᠯᠭ᠎ᠠ ᠬᠥᠮᠦᠵᠢᠯ ᠢ ᠭᠦᠨᠵᠡᠭᠡᠢ ᠥᠷᠨᠢᠭᠦᠯᠵᠦ᠂ ᠤᠯᠠᠨ ᠨᠡᠶᠢᠲᠡ ᠶᠢᠨ ᠠᠮᠤᠷ ᠲᠦᠪᠰᠢᠨ ᠤ | ᠤᠬᠠᠮᠰᠠᠷ ᠪᠣᠯᠤᠨ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠭᠤᠣᠯᠳᠠᠯᠭ᠎ᠠ ᠲᠠᠢ ᠣᠷᠣᠨ ᠪᠠᠶᠢᠷᠢ ᠪᠣᠯᠤᠨ ᠵᠠᠩᠭᠢᠯᠠᠭ᠎ᠠ ᠶᠢᠨ | ᠭᠤᠭᠴᠤᠭ᠎ᠠ ᠳᠤ ᠴᠢᠭᠯᠡᠭᠦᠯᠦᠨ᠂ ᠠᠮᠤᠷ ᠲᠦᠪᠰᠢᠨ ᠤ ᠬᠡᠮ ᠰᠣᠭᠤᠭ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠠᠮᠤᠷ ᠲᠦᠪᠰᠢᠨ ᠤ ᠬᠡᠮ | ᠰᠣᠭᠤᠭ ᠢ ᠬᠤᠷᠢᠭᠯᠠᠪᠠ᠃ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ 24 ᠴᠠᠭ ᠢᠶᠠᠷ ᠵᠢᠵᠢᠭᠦᠷᠯᠡᠬᠦ ᠪᠠ | ᠤᠳᠤᠷᠢᠳᠤᠯᠭ᠎ᠠ ᠳᠠᠭᠠᠭᠤᠯᠤᠨ ᠵᠢᠵᠢᠭᠦᠷᠯᠡᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠭᠠᠯ ᠤᠨ ᠪᠠᠶᠢᠳᠠᠯ ᠢ ᠣᠯᠵᠤ ᠮᠡᠳᠡᠪᠡᠯ ᠳᠠᠷᠤᠶ ᠲᠦᠷᠭᠡᠨ ᠳᠠᠭᠠᠵᠤ᠂ ᠴᠠᠭ | ᠲᠤᠬᠠᠶ ᠳᠤᠨᠢ ᠰᠢᠢᠳᠪᠦᠷᠢᠯᠡᠬᠦ ᠶᠢ ᠦᠨᠡᠨᠬᠦ ᠪᠠᠲᠤᠯᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ | ᠪᠠᠲᠤᠯᠠᠬᠤ ᠬᠡᠷᠡᠭᠲᠡᠶ ᠭᠡᠵᠦ ᠵᠢᠭᠠᠪᠠ᠃ | ᠶᠤᠸᠠᠢ ᠭᠦᠸᠧ ᠳ᠋ᠦᠩ ᠴᠢᠬᠤᠯᠠᠴᠢᠯᠠᠭᠰᠠᠨ ᠨᠢ᠂ ᠡᠨᠡ ᠵᠢᠯ ᠪᠣᠯ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ | ᠭᠤᠷᠪᠠᠨ ᠵᠢᠯ ᠤᠨ ᠠᠵᠢᠯᠯᠠᠭ᠎ᠠ ᠶᠢᠨ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠵᠠᠩᠭᠢᠯᠠᠭ᠎ᠠ ᠶᠢᠨ ᠵᠢᠯ ᠪᠣᠯᠤᠨ᠎ᠠ᠂ ᠪᠦᠬᠦ ᠬᠤᠳᠠ ᠪᠠᠷ ᠢᠶᠠᠨ | ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ︽ | ᠠᠵᠢᠯᠯᠠᠭ᠎ᠠ ᠶᠢᠨ ᠲᠥᠰᠦᠯ︾ ᠪᠣᠯᠤᠨ ᠡᠭᠦᠷᠭᠡ ᠶᠢᠨ ᠨᠠᠷᠢᠨ ᠲᠠᠩᠰᠠ ᠶᠢᠨ ᠱᠠᠭᠠᠷᠳᠠᠯᠭ᠎ᠠ ᠶᠣᠰᠣᠭᠠᠷ᠂ ᠭᠤᠣᠯᠳᠠᠯᠭ᠎ᠠ ᠲᠠᠢ ᠬᠦᠷᠢᠶ᠎ᠡ ᠪᠣᠯᠤᠨ ᠵᠠᠩᠭᠢᠯᠠᠭ᠎ᠠ ᠶᠢᠨ | ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠰᠠᠶᠢᠲᠤᠷ ᠬᠢᠵᠦ᠂ 2025 ᠣᠨ ᠤ ᠭᠤᠣᠯᠳᠠᠯᠭ᠎ᠠ ᠲᠠᠢ | ᠬᠠᠷᠠᠯᠲᠠ ᠡᠭᠦᠷᠭᠡ ᠶᠢ ᠪᠦᠬᠦ ᠬᠦᠴᠦᠨ ᠢᠶᠠᠷ ᠢᠶᠠᠨ ᠪᠡᠶᠡᠯᠡᠭᠦᠯᠬᠦ ᠬᠡᠷᠡᠭᠲᠡᠢ᠃ ᠬᠢᠨᠠᠨ ᠵᠢᠯᠣᠭᠤᠳᠴᠤ ᠪᠠᠶᠢᠴᠠᠭᠠᠬᠤ ᠪᠠ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ | ᠲᠤᠯᠭᠠᠬᠤ ᠡᠷᠴᠢᠮ ᠢᠶᠠᠨ ᠴᠢᠩᠭᠠᠷᠠᠭᠤᠯᠵᠤ᠂ ᠠᠵᠢᠯ ᠢᠶᠠᠨ ᠰᠠᠶᠢᠲᠤᠷ ᠬᠢᠭᠰᠡᠨ ᠦᠭᠡᠢ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠦᠭᠡᠢ | ᠨᠢᠭᠡᠴᠡ ᠪᠣᠯᠤᠨ ᠬᠤᠪᠢ ᠬᠥᠮᠦᠨ ᠢ ᠴᠢᠩᠭ᠎ᠠ ᠰᠢᠢᠳᠪᠦᠷᠢᠯᠡᠵᠦ᠂ ᠡᠯ᠎ᠡ ᠵᠦᠢᠯ ᠤᠨ ᠠᠵᠢᠯ ᠤᠨ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ | ᠪᠦᠲᠦᠮᠵᠢ ᠭᠠᠷᠭᠠᠬᠤ ᠶᠢ ᠪᠠᠲᠤᠯᠠᠵᠤ᠂ ᠠᠶᠤᠯᠭᠦᠢ ᠦᠢᠯᠡᠳᠪᠦᠷᠢᠯᠡᠯ ᠪᠣᠯᠤᠨ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠡᠯ᠎ᠡ ᠵᠦᠢᠯ ᠤᠨ | ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠮᠠᠨ ᠤ ᠬᠤᠳᠠ ᠶᠢᠨ ᠠᠮᠤᠷ ᠲᠦᠪᠰᠢᠨ ᠲᠣᠭᠲᠠᠭᠤᠨ ᠤ ᠰᠢᠨ᠎ᠡ ᠪᠠᠶᠢᠳᠠᠯ ᠢ ᠴᠢᠷᠮᠠᠶᠢᠨ ᠡᠭᠦᠳᠬᠦ | ᠬᠡᠷᠡᠭᠲᠡᠢ ᠭᠡᠵᠦ ᠴᠢᠬᠤᠯᠠᠴᠢᠯᠠᠪᠠ᠃ |