ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠥᠪᠥᠷ ᠮᠣᠩᠭᠤᠯ ᠤᠨ ᠯᠢᠶᠠᠩ ᠢ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ᠯᠦᠭᠡ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/18
       3 ᠰᠠᠷ᠎ᠠ ᠶᠢᠨ 13 ᠤ ᠡᠳᠦᠷ᠂ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠬᠢᠭᠡᠳ ᠥᠪᠥᠷ ᠮᠣᠩᠭᠤᠯ ᠤᠨ ᠯᠢᠶᠠᠩ ᠢ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠠᠷᠢᠯᠴᠠᠬᠤ ᠬᠤᠷᠠᠯ ᠬᠢᠵᠦ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠦ᠋ ᠰᠢᠤᠸᠠᠢ ᠶᠦᠩ᠂ ᠯᠢᠶᠠᠩ ᠢ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ᠤᠨ ᠶᠡᠷᠦᠩᠬᠡᠢ ᠵᠠᠬᠢᠷᠤᠭᠴᠢ ᠹᠠᠨ ᠴᠠᠩ ᠴᠦᠨ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠬᠠᠳᠠ ᠵᠢᠴᠢ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠢ᠃
20250318-3.jpg
       ᠬᠤᠷᠠᠯ ᠳᠡᠭᠡᠷ᠎ᠡ᠂ ᠯᠢᠶᠠᠩ ᠢ ᠠᠮᠢᠳᠤ ᠪᠣᠳᠠᠰ ᠤᠨ ᠪᠦᠯᠦᠭᠯᠡᠯ ᠺᠣᠮᠫᠠᠨᠢ ᠶᠢᠨ ᠪᠠᠶᠢᠩᠭᠤ ᠶᠢᠨ ᠳᠡᠳ᠋ ᠶᠡᠷᠦᠩᠬᠡᠢ ᠵᠠᠬᠢᠷᠤᠯ ᠹᠠᠨ ᠴᠠᠩ ᠴᠦᠨ ᠠᠵᠤ ᠠᠬᠤᠶᠢᠯᠠᠯ ᠤᠨ ᠦᠨᠳᠦᠰᠦᠨ ᠪᠠᠶᠢᠳᠠᠯ᠂ ᠬᠥᠯᠥᠨ ᠪᠤᠶᠢᠷ ᠬᠤᠲᠠ ᠶᠢᠨ ᠲᠤᠬᠠᠶᠢᠯᠠᠭᠰᠠᠨ ᠠᠵᠢᠯ ᠤᠨ ᠠᠬᠢᠴᠠ᠂ ᠬᠤᠰᠢᠭᠤᠨ ᠤ ᠵᠠᠰᠠᠭ ᠤᠨ ᠣᠷᠳᠣᠨ ᠤ ᠵᠣᠬᠢᠴᠠᠭᠤᠯᠬᠤ ᠴᠢᠬᠤᠯᠠᠲᠠᠢ ᠤᠴᠢᠷ ᠶᠠᠪᠤᠳᠠᠯ ᠵᠢᠴᠢ ᠲᠠᠷᠠᠭᠠᠴᠢ ᠶᠢᠨ ᠠᠯᠬᠤᠮ ᠤᠨ ᠬᠠᠮᠲᠤᠷᠠᠯᠴᠠᠭᠠᠨ ᠤ ᠰᠠᠨᠠᠮᠵᠢ ᠶᠢ ᠨᠠᠷᠢᠨ ᠲᠠᠨᠢᠯᠴᠠᠭᠤᠯᠵᠤ᠂ ᠳᠠᠷᠠᠭ᠎ᠠ ᠨᠢ ᠬᠤᠶᠠᠷ ᠲᠠᠯ᠎ᠠ ᠶᠢᠨ ᠬᠤᠷᠠᠯ ᠳᠤ ᠣᠷᠣᠯᠴᠠᠭᠰᠠᠳ ᠡᠪᠡᠳᠴᠢᠨ ᠢᠶᠠᠷ ᠦᠬᠦᠭᠰᠡᠨ ᠮᠠᠯ ᠵᠢᠭᠦᠷᠲᠡᠨ ᠢ ᠬᠤᠣᠷ ᠦᠭᠡᠶᠢᠵᠢᠬᠦᠯᠦᠨ ᠰᠢᠢᠳᠪᠦᠷᠢᠯᠡᠬᠦ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ᠂ ᠬᠠᠮᠲᠤᠷᠠᠯᠴᠠᠭᠠᠨ ᠤ ᠵᠠᠭᠪᠤᠷ᠂ ᠰᠢᠢᠳᠪᠦᠷᠢᠯᠡᠬᠦ ᠴᠢᠬᠤᠯᠠᠲᠠᠢ ᠲᠦᠷᠦᠯ ᠵᠦᠢᠯ ᠵᠡᠷᠭᠡ ᠲᠠᠯ᠎ᠠ ᠪᠠᠷ ᠭᠦᠨᠵᠡᠭᠡᠢ ᠰᠣᠯᠢᠯᠴᠠᠵᠠᠢ᠃       ᠹᠠᠨ ᠴᠠᠩ ᠴᠦᠨ ᠢᠯᠡᠷᠬᠡᠶᠢᠯᠡᠬᠦ ᠳᠡᠭᠡᠨ᠂ ᠯᠢᠶᠠᠩ ᠢ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ︽ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ᠂ ᠮᠠᠯ ᠮᠠᠯᠵᠢᠯ ᠮᠠᠯᠵᠢᠬᠤ ᠣᠷᠣᠨ ᠮᠠᠯᠴᠢᠨ︾ ᠤ ᠣᠯᠠᠨ ᠡᠬᠢᠲᠦ ᠪᠣᠬᠢᠷᠲᠤᠯ ᠢ ᠵᠠᠰᠠᠬᠤ ᠵᠢᠴᠢ ᠡᠬᠢ ᠪᠠᠶᠠᠯᠢᠭᠵᠢᠭᠤᠯᠤᠨ ᠠᠰᠢᠭᠯᠠᠬᠤ ᠪᠠ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠳᠤ ᠪᠥᠬᠦ ᠠᠵᠤ ᠦᠢᠯᠡᠰ ᠤᠨ ᠬᠡᠯᠬᠢᠶ᠎ᠡ ᠶᠢᠨ ᠲᠤᠰᠬᠠᠢ ᠦᠢᠯᠡᠴᠢᠯᠡᠭᠡ ᠬᠠᠩᠭᠠᠬᠤ ᠪᠠᠷ ᠬᠦᠴᠦᠯᠡᠨ ᠴᠢᠷᠮᠠᠶᠢᠵᠤ᠂ ᠡᠪᠡᠳᠴᠢᠨ ᠢᠶᠠᠷ ᠦᠬᠦᠭᠰᠡᠨ ᠮᠠᠯ ᠵᠢᠭᠦᠷᠲᠡᠨ ᠢ ᠬᠤᠣᠷ ᠦᠭᠡᠢ ᠪᠣᠯᠭᠠᠨ ᠰᠢᠢᠳᠪᠦᠷᠢᠯᠡᠬᠦ ᠲᠠᠯ᠎ᠠ ᠪᠠᠷ ᠡᠯᠪᠡᠭ ᠪᠠᠶᠠᠯᠢᠭ ᠲᠤᠷᠰᠢᠯᠭ᠎ᠠ ᠪᠠ ᠮᠡᠷᠭᠡᠵᠢᠯ ᠤᠨ ᠲᠤᠯᠭᠠᠭᠤᠷᠢᠯᠠᠯ ᠲᠠᠢ ᠶᠤᠮ᠃ ᠣᠶᠢᠷ᠎ᠠ ᠶᠢᠨ ᠵᠢᠯ ᠠᠴᠠ ᠨᠠᠰᠢ ᠰᠢᠨ᠎ᠡ ᠪᠠᠷᠭᠤ ᠵᠡᠭᠦᠨ ᠬᠤᠰᠢᠭᠤ ᠲᠠᠢ ᠤᠯᠠᠨ ᠤᠳᠠᠭ᠎ᠠ ᠨᠡᠪᠲᠡᠷᠡᠯᠴᠡᠨ ᠵᠥᠪᠳᠡᠯᠴᠡᠵᠦ᠂ ᠬᠤᠶᠠᠷ ᠲᠠᠯ᠎ᠠ ᠪᠠᠷ ᠢᠶᠠᠨ ᠨᠢᠭᠡᠨᠲᠡ ᠮᠠᠰᠢ ᠰᠠᠶᠢᠨ ᠬᠠᠮᠲᠤᠷᠠᠯᠴᠠᠭᠠᠨ ᠤ ᠰᠠᠭᠤᠷᠢ ᠶᠢ ᠲᠠᠯᠪᠢᠪᠠ᠂ ᠡᠨᠡᠬᠦ ᠰᠠᠭᠤᠷᠢᠨ ᠳᠡᠭᠡᠷ᠎ᠡ᠂ ᠬᠠᠮᠲᠤᠷᠠᠯᠴᠠᠭ᠎ᠠ ᠪᠠᠨ ᠤᠯᠠᠮ ᠭᠦᠨᠵᠡᠭᠡᠶᠢᠷᠡᠭᠦᠯᠵᠦ᠂ ᠠᠵᠤ ᠠᠬᠤᠶᠢᠯᠠᠯ ᠤᠨ ᠰᠢᠯᠢᠳᠡᠭ ᠡᠬᠢ ᠪᠠᠶᠠᠯᠢᠭ ᠵᠢᠴᠢ ᠮᠡᠷᠭᠡᠵᠢᠯ ᠤᠨ ᠲᠤᠷᠰᠢᠯᠭ᠎ᠠ ᠶᠢ ᠰᠢᠨ᠎ᠡ ᠪᠠᠷᠭᠤ ᠵᠡᠭᠦᠨ ᠬᠤᠰᠢᠭᠤᠨ ᠳᠤ ᠠᠪᠴᠢᠷᠠᠵᠤ᠂ ᠣᠷᠣᠨ ᠨᠤᠲᠤᠭ ᠤᠨ ᠮᠠᠯ ᠠᠵᠤ ᠠᠬᠤᠢ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ ᠭᠡᠵᠡᠢ᠃       ᠦ᠋ ᠰᠢᠤᠸᠠᠢ ᠶᠦᠩ ᠬᠡᠯᠡᠬᠦ ᠳᠡᠭᠡᠨ᠂ ᠯᠢᠶᠠᠩ ᠢ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠰᠠᠭᠤᠷᠢ ᠪᠣᠳᠠᠲᠤ ᠬᠦᠴᠦᠨ ᠴᠢᠩᠭ᠎ᠠ᠂ ᠮᠡᠷᠭᠡᠵᠢᠯ ᠤᠨ ᠳᠠᠪᠠᠭᠤᠯᠢᠭ ᠲᠣᠪᠣᠶᠢᠮ᠎ᠠ ᠪᠠᠶᠢᠵᠤ᠂ ᠡᠪᠡᠳᠴᠢᠨ ᠢᠶᠠᠷ ᠦᠬᠦᠭᠰᠡᠨ ᠮᠠᠯ ᠵᠢᠭᠦᠷᠲᠡᠨ ᠢ ᠬᠤᠣᠷ ᠦᠭᠡᠶᠢᠵᠢᠬᠦᠯᠦᠨ ᠰᠢᠢᠳᠪᠦᠷᠢᠯᠡᠬᠦ ᠪᠣᠯ ᠰᠢᠨ᠎ᠡ ᠪᠠᠷᠭᠤ ᠵᠡᠭᠦᠨ ᠬᠤᠰᠢᠭᠤᠨ ᠤ ᠪᠣᠬᠢᠷᠲᠤᠯ ᠦᠭᠡᠢ ᠬᠥᠭᠵᠢᠯᠲᠡ ᠶᠢᠨ ᠰᠢᠨ᠎ᠡ ᠵᠠᠮ ᠢᠶᠠᠷ ᠯᠠᠪᠳᠠᠭᠤᠨ ᠵᠠᠮᠨᠠᠬᠤ᠂ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠠᠬᠢᠭᠤᠯᠬᠤ ᠶᠢᠨ ᠲᠤᠯᠭᠠᠮ᠎ᠠ ᠱᠠᠭᠠᠷᠳᠠᠯᠭ᠎ᠠ ᠪᠣᠯᠣᠨ᠎ᠠ᠃ ᠪᠢᠳᠡ ᠠᠵᠤ ᠠᠬᠤᠶᠢᠯᠠᠯ ᠤᠨ ᠲᠦᠷᠦᠯ ᠵᠦᠢᠯ ᠤᠨ ᠡᠷᠲᠡ ᠨᠠᠶᠢᠳᠠᠪᠤᠷᠢᠵᠢᠭᠤᠯᠤᠭᠳᠠᠬᠤ᠂ ᠡᠷᠲᠡ ᠦᠷ᠎ᠡ ᠪᠦᠲᠦᠮᠵᠢ ᠣᠯᠬᠤ ᠶᠢ ᠬᠠᠮᠲᠤᠪᠠᠷ ᠠᠬᠢᠭᠤᠯᠬᠤ ᠶᠢ ᠪᠦᠬᠦ ᠬᠦᠴᠦᠨ ᠢᠶᠠᠷ ᠢᠶᠠᠨ ᠳᠡᠮᠵᠢᠨ᠎ᠡ᠃ ᠬᠤᠶᠠᠷ ᠲᠠᠯ᠎ᠠ ᠪᠠᠷ ᠢᠶᠠᠨ ᠨᠡᠪᠲᠡᠷᠡᠯᠴᠡᠭᠡ ᠪᠠᠨ ᠤᠯᠠᠮ ᠴᠢᠩᠭᠠᠳᠬᠠᠵᠤ᠂ ᠨᠡᠩ ᠤᠯᠠᠨ ᠬᠠᠮᠲᠤᠷᠠᠯᠴᠠᠭᠠᠨ ᠤ ᠴᠡᠭ ᠢ ᠡᠷᠢᠯᠬᠢᠯᠡᠵᠦ᠂ ᠬᠠᠮᠲᠤᠷᠠᠯᠴᠠᠭᠠᠨ ᠤ ᠣᠷᠣᠨ ᠵᠠᠢ ᠶᠢ ᠭᠦᠨᠵᠡᠭᠡᠶᠢᠷᠡᠭᠦᠯᠦᠨ ᠥᠷᠭᠡᠳᠬᠡᠵᠦ᠂ ᠮᠠᠯ ᠠᠵᠤ ᠠᠬᠤᠢ ᠶᠢᠨ ᠨᠡᠶᠢᠭᠡᠮᠴᠢᠯᠡᠭᠰᠡᠨ ᠦᠢᠯᠡᠴᠢᠯᠡᠭᠡ ᠵᠢᠴᠢ ᠮᠠᠯ ᠠᠵᠤ ᠠᠬᠤᠢ ᠶᠢᠨ ᠤᠯᠠᠨ ᠡᠬᠢᠲᠦ ᠪᠣᠬᠢᠷᠲᠤᠯ ᠢ ᠰᠡᠷᠭᠡᠶᠢᠯᠡᠨ ᠵᠠᠰᠠᠬᠤ ᠶᠢ ᠬᠦᠴᠦᠯᠡᠨ ᠠᠬᠢᠭᠤᠯᠬᠤ ᠵᠡᠷᠭᠡ ᠲᠠᠯ᠎ᠠ ᠪᠠᠷ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠥᠷᠨᠢᠭᠦᠯᠵᠦ᠂ ᠵᠠᠰᠠᠭ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠠᠬᠢᠭᠤᠯᠵᠤ᠂ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ᠂ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠵᠡᠢ᠃    
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ