3 ᠰᠠᠷ᠎ᠠ ᠶᠢᠨ 14 ᠤ ᠡᠳᠦᠷ᠂ ᠮᠠᠨ ᠤ ᠬᠤᠰᠢᠭᠤᠨ ᠤ ᠠᠶᠤᠯᠭᠦᠢ ᠦᠢᠯᠡᠳᠪᠦᠷᠢᠯᠡᠯ ᠵᠢᠴᠢ ᠬᠠᠪᠤᠷ ᠤᠨ ᠤᠯᠠᠷᠢᠯ ᠤᠨ ᠣᠶ ᠰᠢᠭᠤᠢ ᠨᠤᠲᠤᠭ ᠪᠡᠯᠴᠢᠭᠡᠷ ᠤᠨ | ᠭᠠᠯ ᠢ ᠰᠡᠷᠭᠡᠶᠢᠯᠡᠬᠦ ᠪᠠ ᠤᠨᠲᠠᠷᠠᠭᠠᠬᠤ ᠦᠶᠡᠷ ᠢ ᠰᠡᠷᠭᠡᠶᠢᠯᠡᠬᠦ ᠠᠵᠢᠯ ᠤᠨ ᠬᠤᠷᠠᠯ ᠬᠤᠷᠠᠯᠳᠤᠭᠤᠯᠵᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠪᠠᠶᠢᠩᠭᠤ ᠶᠢᠨ ᠳᠡᠳ᠋ ᠳᠠᠷᠤᠭ᠎ᠠ ᠶᠠᠩ ᠯᠧᠢ ᠬᠤᠷᠠᠯ ᠡᠷᠭᠢᠯᠡᠪᠡ᠃ | | | ᠬᠤᠷᠠᠯ ᠳᠡᠭᠡᠷ᠎ᠡ᠂ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠪᠥᠬᠦ ᠬᠤᠰᠢᠭᠤᠨ ᠤ ᠠᠶᠤᠯᠭᠦᠢ ᠦᠢᠯᠡᠳᠪᠦᠷᠢᠯᠡᠯ᠂ ᠣᠶ | ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠪᠠ ᠤᠨᠲᠠᠷᠠᠭᠠᠬᠤ ᠦᠶᠡᠷ ᠢ ᠰᠡᠷᠭᠡᠶᠢᠯᠡᠨ ᠭᠠᠮᠰᠢᠭ ᠠᠴᠠ ᠠᠪᠤᠷᠠᠬᠤ ᠠᠵᠢᠯ ᠤᠨ ᠪᠠᠶᠢᠳᠠᠯ ᠢ ᠮᠡᠳᠡᠭᠳᠡᠵᠦ᠂ | ᠲᠠᠷᠠᠭᠠᠴᠢ ᠶᠢᠨ ᠱᠠᠲᠤᠨ ᠤ ᠠᠵᠢᠯ ᠤᠨ ᠰᠠᠨᠠᠭᠤᠯᠭ᠎ᠠ ᠳᠤᠷᠠᠳᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠬᠥᠯᠥᠨ ᠪᠤᠶᠢᠷ ᠬᠤᠲᠠ ᠶᠢᠨ ᠠᠶᠤᠯᠭᠦᠢ ᠦᠢᠯᠡᠳᠪᠦᠷᠢᠯᠡᠯ ᠵᠢᠴᠢ ᠣᠶ ᠰᠢᠭᠤᠢ ᠨᠤᠲᠤᠭ ᠪᠡᠯᠴᠢᠭᠡᠷ ᠤᠨ ᠭᠠᠯ ᠢ | ᠰᠡᠷᠭᠡᠶᠢᠯᠡᠬᠦ ᠪᠠ ᠤᠨᠲᠠᠷᠠᠭᠠᠬᠤ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠯ᠎ᠡ ᠲᠦᠷᠦᠯ ᠤᠨ ᠭᠠᠮᠰᠢᠭ ᠣᠰᠣᠯ ᠠᠳᠡᠯ ᠢ ᠴᠠᠭ | ᠲᠤᠬᠠᠢ ᠳᠤᠨᠢ ᠪᠦᠲᠦᠮᠵᠢᠲᠡᠢ ᠠᠷᠭᠠᠴᠠᠨ ᠰᠢᠢᠳᠪᠦᠷᠢᠯᠡᠵᠦ᠂ ᠬᠤᠷᠢᠭ᠎ᠠ ᠱᠤᠭᠤᠮ ᠤᠨ ᠰᠡᠳᠬᠢᠬᠦᠢ ᠪᠠᠨ ᠴᠢᠩᠭᠠᠳᠬᠠᠵᠤ᠂ ︽ᠨᠡᠩ ᠳᠡᠭᠡᠲᠦ ᠳᠡᠰ ᠤᠨ ᠪᠠ ᠨᠡᠩ | ᠳᠡᠭᠡᠲᠦ ᠪᠠᠶᠢᠷᠠᠯᠠᠯ ᠤᠨ︾ ᠤᠬᠠᠮᠰᠠᠷ ᠢ ᠪᠠᠷᠢᠮᠲᠠᠯᠠᠵᠤ᠂ ᠰᠠᠨᠠᠭᠠᠴᠢᠯᠠᠭ᠎ᠠ ᠠᠴᠠ ᠪᠠᠨ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ | ᠤᠬᠠᠮᠰᠠᠷᠲᠤ ᠴᠢᠨᠠᠷ ᠪᠣᠯᠣᠨ ᠬᠠᠷᠢᠭᠤᠯᠴᠠᠭᠠᠳᠣ ᠤᠬᠠᠮᠰᠠᠷ ᠢ ᠪᠤᠢ ᠪᠣᠯᠭᠠᠵᠤ᠂ ᠭᠡᠮ ᠰᠣᠭᠤᠭ ᠢ ᠵᠢᠭᠰᠠᠭᠠᠨ ᠪᠠᠶᠢᠴᠠᠭᠠᠵᠤ᠂ ᠴᠠᠭ ᠢᠮᠠᠭᠲᠠ ᠰᠠᠨᠠᠭᠠᠴᠢᠯᠠᠬᠤ | ᠬᠠᠷᠢᠭᠤᠴᠠᠯᠭᠠᠲᠤ ᠰᠡᠳᠬᠢᠯᠭᠡ ᠪᠠᠷ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠴᠢᠩᠭ᠎ᠠ ᠠᠳᠬᠤᠨ ᠪᠣᠳᠠᠲᠠᠢ ᠠᠳᠬᠤᠵᠤ᠂ ᠠᠶᠤᠯᠭᠦᠢ | ᠦᠢᠯᠡᠳᠪᠦᠷᠢᠯᠡᠯ ᠤᠨ ᠪᠠᠲᠤ ᠪᠠᠬᠢ ᠬᠠᠰᠢᠯᠭ᠎ᠠ ᠶᠢ ᠪᠠᠬᠢᠵᠢᠭᠦᠯᠦᠨ᠎ᠡ᠃ | ᠬᠤᠷᠠᠯ ᠠᠴᠠ ᠱᠠᠭᠠᠷᠳᠠᠭᠰᠠᠨ ᠨᠢ᠂ ᠬᠠᠪᠤᠷ ᠤᠨ ᠰᠡᠷᠭᠡᠶᠢᠯᠡᠯᠲᠡ ᠶᠢᠨ ᠬᠤᠭᠤᠴᠠᠭᠠᠨ ᠳᠤ᠂ ᠡᠯ᠎ᠡ ᠣᠶ ᠰᠢᠭᠤᠢ ᠡᠪᠡᠰᠦ ᠪᠡᠯᠴᠢᠭᠡᠷ ᠤᠨ ᠳᠠᠷᠤᠭ᠎ᠠ ᠲᠣᠰ | ᠭᠠᠵᠠᠷ ᠣᠷᠣᠨ ᠤ ᠪᠠᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠨᠢᠭᠡᠳᠦᠭᠡᠷ ᠬᠠᠷᠢᠭᠤᠴᠠᠯᠭᠠᠲᠠᠨ ᠤ ᠡᠭᠦᠷᠭᠡ ᠲᠣᠰᠢᠶᠠᠯ ᠢᠶᠠᠨ ᠦᠨᠡᠨ | ᠬᠦ ᠭᠦᠢᠴᠡᠳᠬᠡᠵᠦ᠂ ᠭᠠᠯ ᠤᠨ ᠢᠷᠡᠯᠲᠡ ᠡᠭᠦᠰᠪᠦᠷᠢ ᠶᠢᠨ ᠬᠠᠮᠢᠶᠠᠷᠤᠯᠲᠠ ᠶᠢ ᠴᠢᠩᠭᠠᠳᠬᠠᠨ᠂ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠬᠦ ᠪᠠ ᠪᠠᠴᠢᠮ | ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠠᠵᠢᠯ ᠢ ᠰᠠᠶᠢᠲᠤᠷ ᠠᠳᠬᠤᠵᠤ᠂ ᠤᠬᠠᠭᠤᠯᠭ᠎ᠠ ᠬᠥᠮᠦᠵᠢᠯ ᠪᠠ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠰᠢᠨᠵᠢᠯᠡᠬᠦ | ᠤᠬᠠᠭᠠᠨᠴᠢ ᠪᠠᠷ ᠥᠷᠨᠢᠭᠦᠯᠵᠦ᠂ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠴᠢᠬᠤᠯᠠ ᠶᠡᠭᠡ ᠬᠠᠷᠢᠭᠤᠴᠠᠯᠭ᠎ᠠ ᠶᠢ ᠰᠠᠨᠠᠭᠠᠴᠢᠯᠠᠭ᠎ᠠ | ᠠᠴᠠ ᠪᠠᠨ ᠡᠭᠦᠷᠭᠡᠯᠡᠬᠦ ᠬᠡᠷᠡᠭᠲᠡᠢ︔ ᠦᠶᠡᠷ ᠢ ᠰᠡᠷᠭᠡᠶᠢᠯᠡᠬᠦ ᠬᠡᠮ ᠰᠣᠭᠤᠭ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠬᠤ ᠪᠠ ᠴᠡᠭᠴᠡᠯᠡᠨ ᠵᠠᠰᠠᠵᠤ᠂ ᠡᠳ᠋ ᠪᠣᠳᠠᠰ ᠤᠨ | ᠪᠠᠲᠤᠯᠠᠭ᠎ᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠷᠡᠰᠳᠡᠯ ᠤᠨ ᠤᠬᠠᠮᠰᠠᠷ ᠢᠶᠠᠨ ᠦᠨᠡᠨᠬᠦ ᠴᠢᠩᠭᠠᠳᠬᠠᠵᠤ᠂ ᠭᠡᠨᠡᠳᠲᠡ ᠶᠢᠨ ᠬᠡᠷᠡᠭ ᠢ ᠴᠠᠭ | ᠲᠤᠬᠠᠢ ᠳᠤᠨᠢ ᠰᠢᠢᠳᠪᠦᠷᠢᠯᠡᠬᠦ ᠪᠡᠯᠡᠳᠬᠡᠯ ᠢ ᠰᠠᠶᠢᠲᠤᠷ ᠬᠢᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠠᠵᠤ ᠠᠬᠤᠢ | ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠵᠤ᠂ ᠦᠨᠳᠦᠷ ᠲᠦᠪᠰᠢᠨ ᠤ ᠠᠮᠤᠷ ᠲᠦᠪᠰᠢᠨ ᠤ ᠤᠬᠠᠮᠰᠠᠷ ᠢᠶᠠᠷ ᠴᠢᠨᠠᠷ ᠰᠠᠶᠢᠲᠠᠢ ᠬᠥᠭᠵᠢᠯᠲᠡ ᠳᠤ | ᠦᠢᠯᠡᠴᠢᠯᠡᠬᠦ ᠶᠢ ᠲᠦᠯᠬᠢᠨ ᠠᠬᠢᠭᠤᠯᠬᠤ ᠬᠡᠷᠡᠭᠲᠡᠢ᠃ |