3 ᠰᠠᠷ᠎ᠠ ᠶᠢᠨ 14 ᠤ ᠡᠳᠦᠷ᠂ ᠮᠠᠨ ᠤ ᠬᠤᠰᠢᠭᠤ ᠰᠢᠨ᠎ᠡ ᠪᠠᠷ ᠡᠯᠰᠡᠭᠳᠡᠭᠰᠡᠨ ᠴᠡᠷᠢᠭ ᠢ ᠦᠳᠡᠨ ᠮᠣᠷᠳᠠᠭᠤᠯᠬᠤ ᠶᠣᠰᠣᠯᠠᠯ ᠶᠠᠪᠤᠭᠤᠯᠵᠤ᠂ ᠪᠣᠬᠢᠷᠲᠤᠯ | ᠦᠭᠡᠢ ᠴᠡᠷᠢᠭ ᠤᠨ ᠬᠤᠸᠠᠷᠠᠨ ᠳᠤ ᠣᠴᠢᠵᠤ᠂ ᠤᠯᠤᠰ ᠢᠶᠠᠨ ᠬᠠᠮᠠᠭᠠᠯᠠᠬᠤ ᠢᠷᠠᠭᠤ ᠠᠯᠳᠠᠷᠲᠤ ᠰᠢᠨ᠎ᠡ ᠴᠡᠷᠢᠭ ᠢ ᠡᠬᠢᠯᠡᠭᠦᠯᠵᠦ᠂ ᠲᠡᠳᠡᠨ ᠤ ᠡᠬᠡ ᠤᠯᠤᠰ ᠲᠠᠭᠠᠨ | ᠭᠠᠪᠢᠶ᠎ᠠ ᠪᠠᠶᠢᠭᠤᠯᠵᠤ ᠦᠢᠯᠡᠰ ᠪᠦᠲᠦᠭᠡᠬᠦ ᠶᠢ ᠵᠣᠷᠢᠭᠵᠢᠭᠤᠯᠪᠠ᠃ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠾᠧᠦ ᠶᠦᠩ ᠫᠢᠩ | ᠬᠤᠷᠠᠯ ᠳᠤ ᠣᠷᠣᠯᠴᠠᠵᠤ᠂ ᠰᠢᠨ᠎ᠡ ᠴᠡᠷᠢᠭ ᠵᠢᠴᠢ ᠰᠢᠨ᠎ᠡ ᠴᠡᠷᠢᠭ ᠤᠨ ᠭᠡᠷ ᠪᠦᠯᠢ ᠬᠤᠷᠠᠯ ᠳᠤ ᠣᠷᠣᠯᠴᠠᠪᠠ᠃ | ᠦᠳᠡᠨ ᠮᠣᠷᠳᠠᠭᠤᠯᠬᠤ ᠶᠣᠰᠣᠯᠠᠯ ᠳᠡᠭᠡᠷ᠎ᠡ᠂ ᠰᠢᠨ᠎ᠡ ᠴᠡᠷᠢᠭ ᠤᠳ ︽ᠢᠷᠠᠭᠤ ᠠᠯᠳᠠᠷᠲᠠᠢ ᠪᠠᠷ ᠴᠡᠷᠢᠭ ᠲᠤ ᠣᠷᠣᠬᠤ︾ ᠪᠦᠴᠡ ᠵᠡᠭᠦᠵᠦ᠂ ᠤᠯᠠᠭᠠᠨ | ᠴᠡᠴᠡᠭ ᠵᠡᠭᠦᠵᠦ᠂ ᠨᠢᠭᠡ ᠨᠢᠭᠡ ᠪᠠᠷ ᠢᠶᠠᠨ ᠴᠤᠭ ᠵᠢᠪᠬᠤᠭ᠎ᠠ ᠪᠠᠳᠠᠷᠠᠩᠭᠤᠶ᠂ ᠣᠮᠤᠭ ᠵᠣᠷᠢᠭ ᠠᠤᠭ᠎ᠠ ᠵᠣᠷᠢᠭ ᠢ ᠡᠪᠦᠷᠯᠡᠵᠦ᠂ ᠴᠡᠷᠢᠭ ᠤᠨ ᠬᠤᠸᠠᠷᠠᠨ ᠤ | ᠠᠮᠢᠳᠤᠷᠠᠯ ᠳᠤ ᠠᠯᠤᠰ ᠬᠡᠳᠦ ᠶᠢᠨ ᠬᠦᠰᠡᠯ ᠡᠷᠡᠮᠡᠯᠵᠡᠯ ᠢᠶᠠᠷ ᠪᠢᠯᠬᠠᠮ᠎ᠠ ᠪᠠᠶᠢᠯ᠎ᠠ᠃ ᠾᠧᠦ ᠶᠦᠩ ᠫᠢᠩ ᠰᠢᠨ᠎ᠡ ᠴᠡᠷᠢᠭ ᠨᠠᠷ ᠲᠤ ᠬᠠᠯᠠᠭᠤᠨ ᠪᠠᠶᠠᠷ ᠬᠦᠷᠭᠡᠵᠦ | ᠪᠠᠶᠢᠬᠤ ᠪᠠᠨ ᠢᠯᠡᠳᠬᠡᠬᠦ ᠶᠢᠨ ᠬᠠᠮᠲᠤ ᠴᠡᠷᠢᠭ ᠲᠤ ᠣᠷᠣᠬᠤ ᠨᠢ ᠢᠷᠠᠭᠤ ᠠᠯᠳᠠᠷᠲᠠᠢ ᠪᠥᠭᠡᠳ ᠠᠷᠢᠭᠤᠨ ᠳᠠᠷᠬᠠᠨ ᠶᠤᠮ᠂ ᠤᠯᠠᠨ ᠢᠶᠠᠷ ᠢᠶᠠᠨ ᠠᠯᠢ ᠲᠦᠷᠭᠡᠨ ᠢᠶᠠᠷ | ᠴᠡᠷᠢᠭ ᠠᠩᠭᠢ ᠶᠢᠨ ᠠᠮᠢᠳᠤᠷᠠᠯ ᠳᠤ ᠵᠣᠬᠢᠴᠠᠵᠤ᠂ ᠦᠳᠲᠡᠷ ᠲᠦᠷᠭᠡᠨ ᠭᠠᠯ ᠬᠠᠯᠠᠭᠤᠨ ᠴᠡᠷᠢᠭ ᠤᠨ ᠬᠤᠸᠠᠷᠠᠨ ᠤ ᠠᠮᠢᠳᠤᠷᠠᠯ ᠳᠤ ᠣᠷᠣᠯᠴᠠᠵᠤ᠂ ᠰᠢᠷᠭᠠᠭᠤ | ᠬᠠᠲᠠᠭᠤᠵᠢᠯᠲᠠᠢ ᠪᠣᠯᠪᠠᠰᠤᠷᠠᠵᠤ᠂ ᠴᠢᠷᠮᠠᠶᠢᠨ ᠰᠤᠷᠤᠯᠴᠠᠵᠤ᠂ ᠡᠷᠳᠡᠮ ᠴᠢᠳᠠᠪᠤᠷᠢ ᠪᠠᠨ ᠨᠡᠮᠡᠭᠳᠡᠭᠦᠯᠵᠦ᠂ ᠠᠪᠢᠶᠠᠰ ᠴᠢᠳᠠᠪᠤᠷᠢ ᠪᠠᠨ ᠪᠠᠳᠠᠷᠠᠭᠤᠯᠵᠤ᠂ ᠲᠦᠷᠦᠯ ᠰᠠᠳᠤᠨ᠂ | ᠨᠤᠲᠤᠭ ᠤᠰᠤ ᠪᠠᠨ ᠣᠮᠣᠭᠰᠢᠭᠤᠯᠤᠭᠰᠠᠨ ᠰᠢᠯᠢᠳᠡᠭ ᠴᠡᠷᠢᠭ ᠬᠥᠮᠦᠨ ᠪᠣᠯᠬᠤ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃ ᠰᠢᠨ᠎ᠡ ᠴᠡᠷᠢᠭ ᠵᠢᠴᠢ ᠭᠡᠷ | ᠪᠦᠯᠢ ᠶᠢᠨ ᠬᠢᠨ ᠤ ᠲᠥᠯᠥᠭᠡᠯᠡᠭᠴᠢ ᠲᠤᠰ ᠲᠤᠰ ᠶᠠᠷᠢᠶ᠎ᠠ ᠲᠠᠯᠪᠢᠪᠠ᠃ | ᠣᠶᠢᠯᠠᠭᠠᠭᠰᠠᠨ ᠢᠶᠠᠷ᠂ ᠡᠨᠡ ᠵᠢᠯ ᠤᠨ ᠬᠠᠪᠤᠷ ᠤᠨ ᠤᠯᠠᠷᠢᠯ ᠤᠨ ᠴᠡᠷᠢᠭ ᠡᠯᠰᠡᠬᠦ ᠠᠵᠢᠯ ᠤᠨ ᠳᠤᠮᠳᠠ᠂ ᠮᠠᠨ ᠤ ᠬᠤᠰᠢᠭᠤᠨ ᠤ ᠵᠣᠬᠢᠬᠤ ᠨᠠᠰᠤᠨ ᠤ | ᠵᠠᠯᠠᠭᠤᠴᠤᠳ ᠢᠳᠡᠪᠬᠢᠲᠡᠶ ᠪᠠᠷ ᠤᠷᠢᠶᠠᠯᠠᠭ᠎ᠠ ᠶᠢ ᠴᠤᠤᠷᠢᠶᠠᠲᠤᠨ ᠳᠠᠭᠠᠵᠤ᠂ ᠢᠳᠡᠪᠬᠢᠲᠡᠶ ᠪᠠᠷ ᠴᠡᠷᠢᠭ ᠲᠤ ᠣᠷᠣᠬᠤ ᠪᠠᠷ ᠨᠡᠷ᠎ᠡ ᠮᠡᠳᠡᠭᠦᠯᠪᠡ᠃ ᠣᠯᠠᠨ ᠤ | ᠬᠠᠮᠲᠤ ᠶᠢᠨ ᠴᠢᠷᠮᠠᠶᠢᠯᠭ᠎ᠠ ᠪᠠᠷ᠂ ᠪᠡᠶ᠎ᠡ ᠶᠢᠨ ᠪᠠᠶᠢᠴᠠᠭᠠᠯᠲᠠ᠂ ᠤᠯᠤᠰ ᠲᠥᠷᠥ ᠶᠢᠨ ᠬᠢᠨᠠᠨ ᠰᠢᠯᠭᠠᠯᠲᠠ ᠪᠠ ᠰᠢᠯᠢᠳᠡᠭ ᠢ ᠰᠣᠩᠭᠤᠨ ᠴᠡᠷᠢᠭ ᠲᠣᠭᠲᠠᠭᠠᠬᠤ ᠵᠡᠷᠭᠡ | ᠴᠢᠩᠭ᠎ᠠ ᠰᠢᠯᠢᠨ ᠰᠣᠩᠭᠤᠬᠤ ᠪᠠᠷ ᠳᠡᠮᠵᠢᠨ᠂ ᠮᠠᠨ ᠤ ᠬᠤᠰᠢᠭᠤ ᠴᠡᠷᠢᠭ ᠠᠩᠭᠢ ᠳᠤ ᠨᠢᠭᠡ ᠪᠦᠯᠦᠭ ᠰᠢᠯᠢᠳᠡᠭ ᠵᠠᠯᠠᠭᠤᠴᠤᠳ ᠬᠦᠷᠭᠡᠵᠦ᠂ 2025 ᠣᠨ ᠤ | ᠬᠠᠪᠤᠷ ᠤᠨ ᠤᠯᠠᠷᠢᠯ ᠤᠨ ᠰᠢᠨ᠎ᠡ ᠴᠡᠷᠢᠭ ᠡᠯᠰᠡᠬᠦ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠪᠡ᠃ | | |