ᠰᠢᠨ᠎ᠡ ᠪᠠᠷᠭᠤ ᠵᠡᠭᠦᠨ ᠬᠤᠰᠢᠭᠤ ᠲᠦᠷᠦᠭᠦᠦ ᠤᠯᠠᠷᠢᠯ ᠤᠨ ︽ᠰᠠᠶᠢᠨ ᠡᠬᠢᠯᠡᠯᠲᠡ︾ ᠪᠠ ᠭᠤᠣᠯᠳᠠᠯᠭ᠎ᠠ ᠲᠠᠢ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ ᠶᠢ ᠲᠣᠬᠢᠷᠠᠭᠤᠯᠤᠨ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/18
       3 ᠰᠠᠷ᠎ᠠ ᠶᠢᠨ 13 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠦ᠋ ᠰᠢᠤᠸᠠᠢ ᠶᠦᠩ ᠪᠥᠬᠦ ᠬᠤᠰᠢᠭᠤᠨ ᠤ ᠲᠦᠷᠦᠭᠦᠦ ᠤᠯᠠᠷᠢᠯ ᠤᠨ ︽ᠡᠬᠢᠯᠡᠯᠲᠡ︾ ᠪᠠ ᠭᠤᠣᠯᠳᠠᠯᠭ᠎ᠠ ᠲᠠᠢ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠭᠦᠢᠴᠡᠳᠬᠡᠬᠦ ᠶᠢ ᠲᠣᠬᠢᠷᠠᠭᠤᠯᠤᠨ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠨᠢᠭᠡᠳᠦᠭᠡᠷ ᠤᠯᠠᠷᠢᠯ ᠤᠨ ᠠᠵᠤ ᠠᠬᠤᠢ ᠶᠢᠨ ᠠᠵᠢᠯᠯᠠᠭᠠᠨ ᠪᠠ ᠭᠤᠣᠯᠳᠠᠯᠭ᠎ᠠ ᠲᠠᠢ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃             ᠦ᠋ ᠰᠢᠤᠸᠠᠢ ᠶᠦᠩ ᠴᠢᠬᠤᠯᠠᠴᠢᠯᠠᠬᠤ ᠳᠠᠭᠠᠨ᠂ ᠨᠢᠭᠡᠳᠦᠭᠡᠷ ᠤᠯᠠᠷᠢᠯ ᠤᠨ ᠠᠵᠤ ᠠᠬᠤᠢ ᠶᠢᠨ ᠢᠯᠡᠷᠡᠯ ᠤᠨ ︽ᠰᠠᠯᠬᠢᠨ ᠤ ᠵᠦᠭᠯᠡᠭᠦᠷ︾ ᠤᠨ ᠦᠢᠯᠡᠳᠦᠯ ᠢ ᠪᠠᠳᠠᠷᠠᠭᠤᠯᠵᠤ᠂ ᠬᠠᠷᠠᠯᠲᠠ ᠪᠠᠨ ᠪᠠᠲᠤ ᠡᠵᠡᠮᠳᠡᠵᠦ᠂ ᠥᠨᠳᠥᠷ ᠴᠢᠨᠠᠷ ᠲᠠᠢ  ᠪᠠᠷ ᠠᠬᠢᠭᠤᠯᠵᠤ᠂ ᠨᠢᠭᠡ ᠬᠤᠶᠠᠷ ᠭᠤᠷᠪᠠᠳᠤᠭᠠᠷ ᠠᠵᠤ ᠦᠢᠯᠡᠰ ᠵᠡᠷᠭᠡᠪᠡᠷ ᠬᠦᠴᠦᠯᠡᠵᠦ᠂ ᠵᠠᠩᠭᠢᠯᠠᠭ᠎ᠠ ᠶᠢ ᠠᠳᠬᠤᠨ ᠭᠤᠣᠯᠳᠠᠯᠭ᠎ᠠ ᠶᠢ ᠠᠩᠬᠠᠷᠴᠤ᠂ ᠲᠦᠷᠦᠭᠦᠦ ᠤᠯᠠᠷᠢᠯ ᠤᠨ ᠰᠠᠶᠢᠨ ᠡᠬᠢᠯᠡᠯᠲᠡ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ᠃ ᠲᠦᠷᠦᠯ ᠵᠦᠢᠯ ᠢ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠬᠤ ᠶᠢ ᠴᠢᠩᠭᠠᠳᠬᠠᠵᠤ᠂ ᠦᠷ᠎ᠡ ᠳ᠋ᠦᠩ ᠤᠨ ᠤᠳᠤᠷᠢᠳᠤᠮᠵᠢ ᠶᠢ ᠪᠤᠢ ᠪᠣᠯᠭᠠᠵᠤ᠂ ᠪᠣᠳᠠᠲᠠᠢ ᠶᠢ ᠡᠷᠬᠢᠮᠯᠡᠬᠦ ᠠᠷᠭ᠎ᠠ ᠬᠡᠮᠵᠢᠶ᠎ᠡ ᠠᠪᠴᠤ᠂ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ ᠶᠢ ᠲᠦᠷᠭᠡᠨ ᠠᠬᠢᠭᠤᠯᠵᠤ᠂ ᠡᠮᠦᠨᠡᠬᠢ ᠬᠤᠭᠤᠴᠠᠭᠠᠨ ᠤ ᠭᠠᠷᠳᠠᠮ ᠢ 3 ᠰᠠᠷ᠎ᠠ ᠶᠢᠨ ᠰᠡᠭᠦᠯᠴᠢ ᠠᠴᠠ ᠡᠮᠦᠨ᠎ᠡ ᠪᠦᠬᠦᠨ ᠢ ᠭᠦᠢᠴᠡᠳᠬᠡᠵᠦ᠂ 4 ᠰᠠᠷ᠎ᠠ ᠶᠢᠨ ᠰᠡᠭᠦᠯᠴᠢ ᠠᠴᠠ ᠡᠮᠦᠨ᠎ᠡ ᠪᠠᠷᠢᠯᠭ᠎ᠠ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠪᠠᠲᠤᠯᠠᠬᠤ ᠬᠡᠷᠡᠭᠲᠡᠢ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠨᠥᠬᠦᠪᠦᠷᠢ ᠮᠥᠩᠭᠦ ᠶᠢ ᠰᠠᠶᠢᠲᠤᠷ ᠬᠡᠷᠡᠭᠯᠡᠵᠦ᠂ ᠤᠯᠠᠮᠵᠢᠯᠠᠯᠲᠤ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠲᠠᠢ ᠤᠶᠠᠯᠳᠤᠭᠤᠯᠤᠨ᠂ ᠪᠤᠰᠤᠳ ᠬᠤᠰᠢᠭᠤ ᠬᠤᠲᠠ ᠲᠣᠭᠤᠷᠢᠭ ᠤᠨ ᠲᠡᠷᠢᠭᠦᠨ ᠤ ᠲᠤᠷᠰᠢᠯᠭ᠎ᠠ ᠠᠷᠭ᠎ᠠ ᠬᠢᠳᠡᠯ ᠢᠶᠠᠷ ᠲᠣᠯᠢ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠨᠥᠬᠦᠪᠦᠷᠢ ᠮᠥᠩᠭᠦ ᠶᠢᠨ ᠲᠥᠷᠥᠯ ᠵᠦᠢᠯ ᠤᠨ ᠶᠠᠰᠤ ᠴᠢᠨᠠᠷ ᠢ ᠲᠥᠯᠥᠪᠵᠢᠭᠦᠯᠬᠦ ᠶᠢ ᠤᠯᠠᠮ ᠨᠢᠭᠡ ᠠᠯᠬᠤᠮ ᠴᠢᠩᠭᠠᠳᠬᠠᠵᠤ᠂ ᠪᠡᠯᠡ ᠮᠥᠩᠭᠦ ᠶᠢᠨ ᠦᠷ᠎ᠡ ᠠᠰᠢᠭ ᠢ ᠦᠨᠡᠨᠬᠦ ᠪᠠᠳᠠᠷᠠᠭᠤᠯᠬᠤ ᠬᠡᠷᠡᠭᠲᠡᠢ᠃ ᠤᠯᠤᠰ ᠠᠴᠠ ᠵᠣᠬᠢᠬᠤ ᠬᠡᠮᠵᠢᠶ᠎ᠡ ᠪᠠᠷ ᠠᠭᠤᠵᠢᠭᠤ ᠪᠠᠶᠢᠯᠭᠠᠬᠤ ᠵᠣᠭᠤᠰᠤᠨ ᠤ ᠲᠦᠷᠦ ᠶᠢᠨ ᠪᠣᠳᠣᠯᠭ᠎ᠠ ᠶᠢ ᠬᠡᠷᠡᠭᠵᠢᠭᠦᠯᠬᠦ ᠠᠵᠠ ᠲᠣᠬᠢᠶᠠᠯ ᠢ ᠡᠵᠡᠮᠳᠡᠵᠦ᠂ ᠲᠦᠷᠦᠯ ᠵᠦᠢᠯ ᠢ ᠲᠥᠯᠥᠪᠵᠢᠭᠦᠯᠦᠨ ᠪᠣᠭᠤᠳᠠᠯᠯᠠᠬᠤ᠂ ᠵᠢᠯᠣᠭᠤᠳᠤᠨ ᠪᠣᠯᠪᠠᠰᠤᠷᠠᠭᠤᠯᠬᠤ ᠶᠢ ᠴᠢᠩᠭᠠᠳᠬᠠᠵᠤ᠂ ᠲᠦᠷᠦᠯ ᠵᠦᠢᠯ ᠢ ᠣᠷᠣᠭᠤᠯᠤᠨ ᠠᠪᠴᠢᠷᠠᠬᠤ᠂ ᠨᠠᠶᠢᠳᠠᠪᠤᠷᠢᠵᠢᠭᠤᠯᠬᠤ᠂ ᠰᠠᠶᠢᠲᠤᠷ ᠬᠥᠭᠵᠢᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠰᠢᠮᠳᠠᠭᠤᠯᠤᠨ ᠰᠢᠢᠳᠪᠦᠷᠢᠯᠡᠭᠦᠯᠵᠦ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ︽ᠪᠠᠶᠢᠷᠢᠯᠠᠭᠤᠯᠬᠤ — ᠨᠠᠶᠢᠳᠠᠪᠤᠷᠢᠵᠢᠭᠤᠯᠬᠤ — ᠬᠠᠷᠢᠭᠤ ᠲᠤᠰᠬᠠᠬᠤ — ᠰᠢᠯᠢᠳᠡᠭᠵᠢᠭᠦᠯᠬᠦ︾ ᠪᠦᠷᠢᠨ ᠪᠦᠲᠦᠨ ᠬᠡᠯᠬᠢᠶ᠎ᠡ ᠶᠢ ᠪᠦᠷᠢᠯᠳᠦᠭᠦᠯᠵᠦ᠂ ᠲᠦᠷᠦᠭᠦᠦ ᠤᠯᠠᠷᠢᠯ ᠤᠨ ᠡᠬᠢᠯᠡᠯᠲᠡ ᠶᠢᠨ ᠠᠮᠵᠢᠯᠲᠠ ᠶᠢ ᠪᠥᠬᠦ ᠬᠦᠴᠦᠨ ᠢᠶᠠᠷ ᠢᠶᠠᠨ ᠰᠢᠪᠲᠤᠯᠵᠤ᠂ ᠪᠥᠬᠦ ᠵᠢᠯ ᠤᠨ ᠴᠢᠨᠠᠷ ᠰᠠᠶᠢᠲᠠᠢ ᠬᠥᠭᠵᠢᠯᠲᠡ ᠳᠤ ᠰᠢᠢᠳᠪᠦᠷᠢᠯᠡᠭᠴᠢ ᠴᠢᠨᠠᠷᠲᠠᠢ ᠰᠠᠭᠤᠷᠢ ᠶᠢ ᠲᠠᠯᠪᠢᠬᠤ ᠬᠡᠷᠡᠭᠲᠡᠢ᠃     
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ