ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠨ᠎ᠡ ᠪᠠᠷᠭᠤ ᠵᠡᠭᠦᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ 130 ᠳ᠋ᠤᠭᠠᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/3/18
       3 ᠰᠠᠷ᠎ᠠ ᠶᠢᠨ 13 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠨ᠎ᠡ ᠪᠠᠷᠭᠤ ᠵᠡᠭᠦᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ 130 ᠳ᠋ᠤᠭᠠᠷ ᠬᠤᠷᠠᠯ ᠬᠤᠷᠠᠯᠳᠤᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠨᠠᠢ ᠪᠢᠨ ᠬᠤᠷᠠᠯ ᠡᠷᠭᠢᠯᠡᠪᠡ᠃ ᠦ᠋ ᠰᠢᠤᠸᠠᠢ ᠶᠦᠩ᠂ ᠠᠮᠤᠷᠪᠠᠲᠤ᠂ ᠪᠠᠢ ᠵᠧᠨ ᠰᠢᠶᠠᠨ ᠵᠡᠷᠭᠡ ᠬᠤᠰᠢᠭᠤᠨ ᠤ ᠤᠳᠤᠷᠢᠳᠤᠯᠭ᠎ᠠ ᠬᠤᠷᠠᠯ ᠳᠤ ᠣᠷᠣᠯᠴᠠᠪᠠ᠃       ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠥᠯᠥᠨ ᠪᠤᠶᠢᠷ ᠤᠨ ᠵᠢᠭᠤᠯᠴᠢᠯᠠᠯ ᠤᠨ ᠡᠮᠦᠨ᠎ᠡ ᠶᠡᠭᠡ ᠡᠭᠦᠳᠡ ᠶᠢ ᠪᠠᠶᠢᠭᠤᠯᠬᠤ ᠠᠵᠢᠯ ᠢ ᠠᠬᠢᠭᠤᠯᠤᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ᠂ ᠭᠤᠷᠪᠠᠨ ᠰᠠᠶᠢᠬᠠᠨ ᠨᠡᠭᠦᠳᠡᠯ ᠮᠠᠯᠵᠢᠯ ᠤᠨ ᠡᠬᠢᠯᠡᠯᠲᠡ ᠶᠢᠨ ᠶᠣᠰᠣᠯᠠᠯ ᠤᠨ ᠪᠡᠯᠡᠳᠬᠡᠯ ᠠᠵᠢᠯᠯᠠᠭ᠎ᠠ ᠶᠢᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠠᠢ᠃       ᠬᠤᠷᠠᠯ ᠠᠴᠠ ᠱᠠᠭᠠᠷᠳᠠᠭᠰᠠᠨ ᠨᠢ᠂ ᠬᠤᠰᠢᠭᠤ ᠳᠠᠶᠠᠭᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭᠠᠨ ᠤ ᠮᠥᠨ ᠴᠢᠨᠠᠷ ᠢ ᠭᠦᠨᠵᠡᠭᠡᠢ ᠣᠶᠢᠯᠠᠭᠠᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠶᠡᠷᠦᠩᠬᠡᠢ ᠱᠦᠵᠢ ᠰᠢ ᠶᠢᠨ ᠫᠢᠩ ᠤᠨ ᠳᠤᠷᠠᠳᠤᠭᠰᠠᠨ ᠴᠢᠨᠠᠷ ᠰᠠᠶᠢᠲᠠᠢ ᠬᠥᠭᠵᠢᠯᠲᠡ ᠶᠢᠨ ᠱᠠᠭᠠᠷᠳᠠᠯᠭ᠎ᠠ ᠶᠢᠨ ᠲᠣᠭᠤᠷᠢᠨ ᠳᠤ᠂ ᠰᠢᠨ᠎ᠡ ᠪᠠᠷᠭᠤ ᠵᠡᠭᠦᠨ ᠬᠤᠰᠢᠭᠤᠨ ᠤ ᠡᠬᠢ ᠪᠠᠶᠠᠯᠢᠭ ᠤᠨ ᠳᠠᠪᠠᠭᠤᠯᠢᠭ ᠪᠠ ᠬᠥᠭᠵᠢᠯᠲᠡ ᠶᠢᠨ ᠳᠠᠪᠠᠭᠤᠯᠢᠭ ᠲᠤ ᠰᠠᠭᠤᠷᠢᠯᠠᠨ᠂ ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢ ᠤᠯᠠᠮ ᠨᠢᠭᠡ ᠠᠯᠬᠤᠮ ᠴᠢᠩᠭᠠᠳᠬᠠᠵᠤ᠂ ᠮᠠᠯ ᠠᠵᠤ ᠠᠬᠤᠢ᠂ ᠰᠣᠶᠣᠯ ᠵᠢᠭᠤᠯᠴᠢᠯᠠᠯ ᠤᠨ ᠠᠵᠤ ᠦᠢᠯᠡᠰ ᠵᠡᠷᠭᠡ ᠭᠤᠣᠯᠳᠠᠯᠭ᠎ᠠ ᠲᠠᠢ ᠬᠦᠷᠢᠶᠡᠨ ᠳᠤ ᠨᠠᠩ ᠶᠡᠭᠡ ᠰᠢᠪᠲᠤᠯᠤᠯᠲᠠ ᠭᠠᠷᠭᠠᠬᠤ ᠶᠢ ᠦᠷᠭᠦᠯᠵᠢᠯᠡᠨ ᠠᠬᠢᠭᠤᠯᠵᠤ᠂ ᠪᠥᠬᠦ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠨ᠎ᠡ᠃       ᠬᠤᠷᠠᠯ ᠠᠴᠠ ᠴᠢᠬᠤᠯᠠᠴᠢᠯᠠᠭᠰᠠᠨ ᠨᠢ᠂ ᠪᠥᠬᠦ ᠬᠤᠰᠢᠭᠤ ᠪᠠᠷ ᠢᠶᠠᠨ ᠬᠢᠪᠡᠯ ᠲᠡᠷᠢᠭᠦᠨ ᠳᠤ ᠣᠷᠣᠬᠤ᠂ ᠬᠢᠪᠡᠯ ᠰᠣᠳᠣᠨ ᠪᠦᠲᠦᠭᠡᠯ ᠭᠠᠷᠭᠠᠬᠤ ᠡᠷᠡᠰ ᠵᠣᠷᠢᠭ ᠢ ᠪᠠᠷᠢᠮᠲᠠᠯᠠᠵᠤ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠᠷ ᠬᠠᠨᠳᠠᠭᠠᠢ ᠶᠢᠨ ︽ᠬᠠᠨᠳᠠᠭᠠᠢ  ᠶᠢᠨ ᠵᠢᠵᠢᠭ ᠪᠠᠯᠭᠠᠰᠤ︾ ᠶᠢᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠲᠦᠯᠬᠢᠨ ᠠᠬᠢᠭᠤᠯᠵᠤ᠂ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ᠂ ᠢᠵᠢ ᠪᠦᠷᠢᠳᠦᠭᠦᠯᠬᠦ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ︽ᠡᠮᠦᠨ᠎ᠡ ᠶᠡᠭᠡ ᠡᠭᠦᠳᠡ︾ ᠶᠢᠨ ᠪᠦᠲᠦᠭᠡᠨ ᠪᠠᠶᠢᠭᠤᠯᠤᠯᠲᠠ ᠶᠢᠨ ᠢᠯᠡᠳᠲᠡ ᠦᠷ᠎ᠡ ᠪᠦᠲᠦᠮᠵᠢ ᠣᠯᠬᠤ ᠶᠢ ᠪᠠᠲᠤᠯᠠᠵᠤ᠂ ︽ᠤᠮᠠᠷᠠᠲᠤ ᠬᠢᠯᠢ ᠶᠢᠨ ᠰᠣᠶᠣᠯ︾ ᠤᠨ ᠨᠠᠷᠠᠲᠤ ᠲᠡᠮᠳᠡᠭᠲᠦ ᠶᠢ ᠪᠥᠬᠦ ᠬᠦᠴᠦᠨ ᠢᠶᠠᠷ ᠢᠶᠠᠨ ᠪᠣᠶ ᠪᠣᠯᠭᠠᠬᠤ ᠬᠡᠷᠡᠭᠲᠡᠢ︔ ᠭᠤᠷᠪᠠᠨ ᠰᠠᠶᠢᠬᠠᠨ ᠨᠡᠭᠦᠳᠡᠯ ᠮᠠᠯᠵᠢᠯ ᠤᠨ ᠡᠬᠢᠯᠡᠯᠲᠡ ᠶᠢᠨ ᠶᠣᠰᠣᠯᠠᠯ ᠢ ᠰᠠᠶᠢᠲᠤᠷ ᠡᠷᠬᠢᠯᠡᠬᠦ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠡᠬᠢᠯᠡᠯᠲᠡ ᠶᠢᠨ ᠶᠣᠰᠣᠯᠠᠯ ᠤᠨ ᠡᠯ᠎ᠡ ᠵᠦᠢᠯ ᠤᠨ ᠪᠡᠯᠡᠳᠬᠡᠯ ᠠᠵᠢᠯ ᠢ ᠴᠢᠩᠭ᠎ᠠ ᠪᠣᠳᠠᠲᠠᠢ ᠨᠠᠷᠢᠯᠢᠭ ᠠᠳᠬᠤᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ᠂ ᠬᠤᠯᠪᠤᠭᠠᠯᠠᠨ ᠬᠥᠳᠡᠯᠦᠯᠴᠡᠵᠦ᠂ ᠨᠢᠭᠡ ᠬᠥᠯᠭᠡ ᠰᠢᠲᠠᠷ᠎ᠠ ᠶᠢᠨ ᠦᠵᠡᠯ ᠰᠠᠨᠠᠭ᠎ᠠ ᠶᠢ ᠪᠦᠷᠢᠯᠳᠦᠭᠦᠯᠵᠦ᠂ ᠪᠦᠯᠬᠦᠮᠳᠡᠨ ᠬᠠᠮᠵᠢᠯᠴᠠᠵᠤ᠂ ᠴᠠᠭ ᠮᠥᠴᠡ ᠲᠠᠢ ᠤᠷᠤᠯᠳᠤᠨ ᠲᠡᠮᠡᠴᠡᠵᠦ᠂ ᠬᠠᠮᠢᠶ᠎ᠠ ᠪᠦᠬᠦᠢ ᠠᠵᠢᠯ ᠤᠨ ᠲᠥᠰᠥᠯ ᠢ ᠲᠦᠷᠭᠡᠨ ᠲᠡᠭᠦᠯᠳᠡᠷᠵᠢᠭᠦᠯᠵᠦ᠂ ᠶᠣᠰᠣᠯᠠᠯ ᠤᠨ ᠠᠵᠢᠯ ᠤᠨ ᠪᠠᠲᠤᠯᠠᠭ᠎ᠠ ᠶᠢ ᠴᠢᠩᠭᠠᠳᠬᠠᠵᠤ᠂ ᠪᠡᠯᠡᠳᠬᠡᠯ ᠤᠨ ᠳᠤᠲᠠᠭᠤᠳᠠᠯ ᠢ ᠪᠦᠬᠦ ᠲᠠᠯ᠎ᠠ ᠪᠠᠷ ᠨᠥᠬᠦᠪᠦᠷᠢᠯᠡᠵᠦ᠂ ᠶᠣᠰᠣᠯᠠᠯ ᠤᠨ ᠤᠷᠤᠭᠰᠢᠲᠠᠢ᠂ ᠠᠮᠤᠷ ᠲᠦᠪᠰᠢᠨ᠂ ᠲᠡᠭᠦᠰ ᠠᠮᠵᠢᠯᠲᠠ ᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ᠃       ᠬᠤᠷᠠᠯ ᠠᠴᠠ ᠪᠠᠰᠠ ᠪᠤᠰᠤᠳ ᠶᠠᠪᠤᠳᠠᠯ ᠢ ᠰᠤᠳᠤᠯᠵᠤ ᠬᠢᠨᠠᠨ ᠵᠥᠪᠯᠡᠪᠡ᠃     
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ