3 ᠰᠠᠷ᠎ᠠ ᠶᠢᠨ 14 ᠤ ᠡᠳᠦᠷ᠂ ᠬᠤᠰᠢᠭᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠳᠤᠭᠤᠶᠢᠯᠠᠩ ᠤᠨ | ᠱᠦᠵᠢ᠂ ᠬᠤᠰᠢᠭᠤᠨ ᠳᠠᠷᠤᠭ᠎ᠠ ᠲᠤᠯᠢ᠂ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠳᠤᠭᠤᠶᠢᠯᠠᠩ ᠤᠨ 2025 ᠣᠨ ᠤ ᠭᠤᠷᠪᠠᠳᠤᠭᠠᠷ ᠤᠳᠠᠭ᠎ᠠ ᠶᠢᠨ | ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ | ᠲᠣᠪᠴᠢᠶᠠᠨ ᠤ ᠠᠷᠪᠠ ᠶᠢᠰᠦᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷ᠎ᠡ ᠲᠠᠯᠪᠢᠭᠰᠠᠨᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠪᠦᠬᠦ ᠤᠯᠤᠰ ᠤᠨ | ᠬᠤᠶᠠᠷ ᠬᠤᠷᠠᠯ ᠤᠨ ᠵᠣᠷᠢᠭ ᠰᠠᠨᠠᠭ᠎ᠠ ᠵᠢᠴᠢ ᠳᠡᠭᠡᠳᠦ ᠱᠠᠲᠤᠨ ᠤ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠢ᠃ | ᠬᠤᠷᠠᠯ ᠠᠴᠠ ᠴᠢᠬᠤᠯᠠᠴᠢᠯᠠᠬᠤ ᠳᠠᠭᠠᠨ᠄ ᠵᠠᠰᠠᠭ ᠤᠨ ᠣᠷᠳᠣᠨ ᠤ ᠰᠢᠰᠲ᠋ᠧᠮ ᠤᠨ ᠬᠢᠨ ︽ᠬᠥᠭᠵᠢᠯᠲᠡ ᠪᠣᠯ ᠬᠠᠲᠠᠭᠤ ᠶᠣᠰᠣ᠂ᠠᠮᠤᠷ ᠲᠦᠪᠰᠢᠨ ᠪᠣᠯ | ᠬᠠᠲᠠᠭᠤ ᠶᠣᠰᠣ︾ ᠭᠡᠬᠦ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠡᠯ᠎ᠡ ᠬᠦᠷᠢᠶ᠎ᠡ ᠴᠠᠷ᠎ᠠ ᠲᠠᠬᠢ ᠤᠯᠤᠰ ᠤᠨ ᠠᠮᠤᠷ ᠲᠦᠪᠰᠢᠨ ᠤ ᠠᠵᠢᠯ ᠢ ᠭᠦᠨᠵᠡᠭᠡᠶᠢᠷᠡᠭᠦᠯᠵᠦ᠂ | ᠤᠯᠤᠰ ᠤᠨ ᠠᠮᠤᠷ ᠲᠦᠪᠰᠢᠨ ᠤ ᠶᠡᠷᠦᠩᠬᠡᠢ ᠦᠵᠡᠯᠲᠡ ᠶᠢ ᠬᠥᠮᠥᠰ ᠤᠨ ᠰᠡᠳᠬᠢᠯ ᠳᠤ ᠬᠠᠳᠠᠩᠰᠢᠭᠤᠯᠬᠤ ᠶᠢ ᠠᠬᠢᠭᠤᠯᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠢ | ᠪᠣᠳᠠᠲᠠᠢ ᠪᠥᠭᠡᠳ ᠨᠠᠷᠢᠯᠢᠭ ᠠᠳᠬᠤᠵᠤ᠂ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ | ᠭᠤᠣᠯᠳᠠᠯᠭ᠎ᠠ ᠲᠠᠢ ᠠᠵᠢᠯ ᠲᠦᠷᠦᠯ ᠤᠨ ᠬᠡᠮ ᠰᠣᠭᠤᠭ ᠢ ᠳᠠᠷᠠᠭᠠᠯᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭᠠᠳᠬᠠᠨ᠂ ᠡᠯ᠎ᠡ ᠲᠦᠷᠦᠯ ᠤᠨ ᠭᠡᠷᠡᠭ ᠤᠨ ᠠᠳᠡᠯ | ᠭᠠᠷᠬᠤ ᠶᠢ ᠡᠷᠡᠰ ᠰᠡᠷᠭᠡᠶᠢᠯᠡᠬᠦ ᠬᠡᠷᠡᠭᠲᠡᠢ ᠭᠡᠪᠡ᠃ | ᠬᠤᠷᠠᠯ ᠠᠴᠠ ᠱᠠᠭᠠᠷᠳᠠᠬᠤ ᠳᠠᠭᠠᠨ᠄ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠬᠤᠶᠠᠷ | ᠬᠤᠷᠠᠯ ᠤᠨ ᠵᠣᠷᠢᠭ ᠰᠠᠨᠠᠭ᠎ᠠ ᠶᠢ ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤᠨ ᠤ ᠭᠤᠣᠯᠳᠠᠯᠭ᠎ᠠ ᠲᠠᠢ ᠠᠵᠢᠯ ᠲᠠᠢ ᠨᠢᠭᠲᠠ ᠤᠶᠠᠯᠳᠤᠭᠤᠯᠵᠤ᠂ ᠵᠠᠰᠠᠭ ᠤᠨ | ᠣᠷᠳᠣᠨ ᠤ ᠠᠵᠢᠯ ᠤᠨ ᠢᠯᠡᠳᠬᠡᠯ ᠢ ᠨᠠᠷᠢᠨ ᠬᠢᠨᠠᠮᠠᠭᠠᠢ ᠰᠤᠳᠤᠯᠵᠤ᠂ ᠭᠦᠨᠵᠡᠭᠡᠢ ᠰᠤᠷᠤᠯᠴᠠᠨ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠴᠢᠩᠭᠠᠳᠬᠠᠵᠤ᠂ | ᠪᠣᠳᠠᠲᠠᠢ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠲᠣᠭᠲᠠᠭᠠᠵᠤ᠂ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠤᠨ | ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠭᠡᠪᠡ᠃ | ᠬᠤᠷᠠᠯ ᠠᠴᠠ ᠪᠠᠰᠠ ᠣᠳᠣᠬᠠᠨ ᠤ ᠭᠤᠣᠯᠳᠠᠯᠭ᠎ᠠ ᠲᠠᠢ ᠠᠵᠢᠯ ᠳᠤ ᠲᠣᠳᠣᠷᠬᠠᠢ ᠱᠠᠭᠠᠷᠳᠠᠯᠭ᠎ᠠ ᠲᠤᠷᠠᠳᠴᠤ᠂ ᠨᠢᠭᠡᠳᠦᠯᠲᠡᠢ ᠲᠥᠯᠥᠪᠵᠢᠭᠦᠯᠦᠨ | ᠲᠣᠬᠢᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠭᠤᠣᠯ ᠪᠣᠯᠬᠤ ᠠᠵᠤ ᠠᠬᠤᠢ ᠶᠢᠨ ᠭᠦᠢᠴᠡᠳᠭᠡᠭᠦ ᠲᠤᠭ᠎ᠠ ᠶᠢ ᠴᠢᠩᠭ᠎ᠠ ᠠᠩᠬᠠᠷᠴᠤ᠂ ᠪᠦᠬᠦ ᠬᠦᠴᠦᠨ ᠢᠶᠠᠷ ᠢᠶᠠᠨ | ᠦᠢᠯᠡᠳᠪᠦᠷᠢᠯᠡᠯ ᠢ ᠲᠣᠭᠲᠠᠪᠤᠷᠢᠵᠢᠭᠤᠯᠵᠤ᠂ ᠲᠦᠷᠦᠯ ᠵᠦᠢᠯ ᠢ ᠠᠳᠬᠤᠨ᠂ ᠨᠡᠮᠡᠭᠳᠡᠯ ᠢ ᠠᠬᠢᠭᠤᠯᠵᠤ᠂ ᠨᠢᠭᠡᠳᠦᠭᠡᠷ ᠤᠯᠠᠷᠢᠯ ᠤᠨ ︽ᠰᠠᠶᠢᠨ ᠡᠬᠢᠯᠡᠯᠲᠡ︾ ᠶᠢ | ᠴᠢᠷᠮᠠᠶᠢᠨ ᠪᠡᠶᠡᠯᠡᠭᠦᠯᠬᠦ ᠬᠡᠷᠡᠭᠲᠡᠢ︔ ᠪᠡᠯᠴᠢᠭᠡᠷ ᠰᠢᠯᠵᠢᠵᠦ ᠮᠠᠯᠵᠢᠭᠰᠠᠨ ᠮᠠᠯ ᠤᠨᠬᠢᠵᠢᠭ ᠭᠡᠮ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠥᠨᠳᠥᠷ ᠪᠦᠲᠦᠮᠵᠢᠲᠡᠶ ᠪᠠᠷ | ᠨᠠᠶᠢᠳᠠᠪᠤᠷᠢᠵᠢᠭᠤᠯᠵᠤ᠂ ᠮᠠᠯ ᠪᠡᠯᠴᠢᠭᠡᠷ ᠤᠨ ᠲᠡᠩᠴᠡᠭᠦᠷᠢ ᠶᠢ ᠡᠵᠡᠮᠳᠡᠬᠦ ᠬᠢᠨᠠᠨ ᠬᠠᠮᠢᠶᠠᠷᠤᠯᠲᠠ ᠶᠢ ᠴᠢᠩᠭ᠎ᠠ ᠠᠳᠬᠤᠵᠤ᠂ ᠮᠠᠯ ᠰᠦᠷᠦᠭ ᠤᠨ ᠤᠨᠳᠤᠷᠤᠯᠳᠠ ᠶᠢ | ᠪᠥᠬᠦ ᠲᠠᠯ᠎ᠠ ᠪᠠᠷ ᠪᠠᠲᠤᠯᠠᠨ᠂ ᠠᠮᠢ ᠠᠬᠤᠢ ᠶᠢᠨ ᠲᠡᠩᠴᠡᠭᠦᠷᠢ ᠶᠢ ᠬᠠᠮᠠᠭᠠᠯᠠᠬᠤ ᠬᠡᠷᠡᠭᠲᠡᠢ᠃ ᠣᠶ ᠰᠢᠭᠤᠢ ᠲᠠᠯ᠎ᠠ ᠨᠤᠳᠤᠭ ᠤᠨ ᠭᠠᠯ ᠰᠡᠷᠭᠡᠶᠢᠯᠡᠨ ᠤᠨᠳᠠᠷᠠᠭᠠᠬᠤ | ᠠᠵᠢᠯ ᠤᠨ ᠳᠠᠯᠳᠠ ᠬᠡᠮ ᠢ ᠵᠢᠭᠰᠠᠭᠠᠨ ᠪᠠᠶᠢᠴᠠᠭᠠᠬᠤ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠬᠠᠪᠤᠷ ᠤᠨ ᠰᠡᠷᠭᠡᠶᠢᠯᠡᠯᠲᠡ ᠶᠢᠨ ᠡᠯ᠎ᠡ ᠲᠦᠷᠦᠯ ᠤᠨ ᠠᠵᠢᠯ ᠢ | ᠦᠨᠡᠨᠬᠦ ᠰᠠᠶᠢᠲᠤᠷ ᠬᠢᠬᠦ ᠬᠡᠷᠡᠭᠲᠡᠢ ᠭᠡᠵᠡᠢ᠃ ᠬᠤᠷᠠᠯ ᠲᠡᠭᠡᠷ᠎ᠡ ᠪᠠᠰᠠ ᠪᠤᠰᠤᠳ ᠵᠦᠢᠯᠡᠰ ᠢ ᠰᠤᠳᠤᠯᠤᠨ ᠬᠢᠨᠠᠨ ᠵᠦᠪᠯᠡᠭᠰᠡᠨ ᠪᠠᠶᠢᠨ᠎ᠠ᠃ |