3 ᠰᠠᠷ᠎ᠠ ᠶᠢᠨ 15 ᠤ ᠡᠳᠦᠷ᠂ ᠮᠠᠨ ᠤ ᠬᠤᠰᠢᠭᠤ 2025 ᠣᠨ ᠤ ︽3 · 15︾ ᠤ ᠳᠡᠯᠡᠬᠡᠶ ᠶᠢᠨ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ | ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠪᠥᠬᠦ ᠨᠡᠶᠢᠭᠡᠮ ᠢᠶᠠᠷ ᠢᠶᠠᠨ ᠬᠡᠷᠡᠭᠯᠡᠭᠡᠨ ᠤ ᠡᠷᠬᠡ ᠪᠠᠨ ᠬᠠᠮᠠᠭᠠᠯᠠᠬᠤ ᠶᠢ ᠬᠠᠮᠲᠤ ᠪᠠᠷ ᠠᠩᠬᠠᠷᠴᠤ᠂ ᠳᠡᠮᠵᠢᠬᠦ | ᠪᠠ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠤᠯᠠᠮ ᠨᠢᠭᠡ ᠠᠯᠬᠤᠮ ᠪᠣᠶ ᠪᠣᠯᠭᠠᠪᠠ᠃ ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤᠨ | ᠳᠠᠷᠤᠭ᠎ᠠ ᠱᠧᠨ ᠭᠦᠸᠧ ᠴᠧᠨ ᠣᠷᠣᠯᠴᠠᠪᠠ᠃ | | | ᠥᠨᠥ ᠵᠢᠯ ᠤᠨ ᠠᠵᠢᠯᠯᠠᠭ᠎ᠠ ᠶᠢᠨ ᠭᠤᠤᠯ ᠰᠡᠳᠦᠪ ᠨᠢ ︽ᠰᠡᠳᠬᠢᠯ ᠬᠠᠨᠤᠮᠵᠢᠲᠠᠶ ᠬᠡᠷᠡᠭᠯᠡᠭᠡ ᠶᠢ ᠬᠠᠮᠲᠤ ᠪᠠᠷ ᠴᠣᠭᠴᠠᠯᠠᠶ᠎ᠠ︾ ᠪᠣᠯᠤᠨ᠎ᠠ᠃ ᠠᠵᠢᠯᠯᠠᠭ᠎ᠠ ᠶᠢᠨ | ᠲᠤᠬᠠᠶ ᠶᠢᠨ ᠲᠠᠯᠠᠪᠤᠷ ᠲᠤ᠂ ᠠᠵᠢᠯᠲᠠᠳ ︽ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠬᠠᠤᠯᠢ︾᠂ ᠮᠥᠩᠭᠦᠨ ᠭᠦᠢᠯᠭᠡᠭᠡᠨ ᠤ ᠮᠡᠬᠡᠯᠡᠯ ᠢ ᠰᠡᠷᠭᠡᠶᠢᠯᠡᠬᠦ᠂ | ᠮᠠᠰᠢᠨ ᠲᠡᠷᠭᠡᠨ ᠤ ᠭᠤᠷᠪᠠ ᠶᠢ ᠳᠠᠭᠠᠭᠠᠴᠢᠯᠠᠬᠤ ᠲᠥᠷᠥ ᠶᠢᠨ ᠪᠣᠳᠣᠯᠭ᠎ᠠ ᠵᠡᠷᠭᠡ ᠮᠡᠳᠡᠯᠭᠡ ᠶᠢᠨ ᠲᠣᠭᠤᠷᠢᠨ ᠳᠤ ᠱᠠᠩᠨᠠᠯ ᠲᠠᠢ ᠥᠷᠢᠰᠥᠯᠳᠦᠨ ᠬᠠᠷᠢᠭᠤᠯᠲᠠ ᠥᠭᠴᠦ᠂ | ᠣᠷᠣᠯᠴᠠᠭᠴᠢ ᠢᠳᠡᠪᠬᠢᠲᠡᠶ ᠪᠠᠷ ᠵᠠᠪᠳᠤᠨ ᠬᠠᠷᠢᠭᠤᠯᠵᠤ᠂ ᠮᠡᠳᠡᠯᠭᠡ ᠣᠯᠬᠤ ᠶᠢᠨ ᠬᠠᠮᠲᠤ ᠱᠠᠩᠨᠠᠯ ᠣᠯᠤᠭᠰᠠᠨ ᠪᠠᠶᠢᠨ᠎ᠠ᠃ | ᠲᠤᠬᠠᠶ ᠶᠢᠨ ᠲᠠᠯᠠᠪᠠᠶ ᠳᠤ ᠪᠠᠰᠠ ᠬᠠᠤᠯᠢ ᠴᠠᠭᠠᠵᠠ ᠶᠢᠨ ᠵᠥᠪᠯᠡᠯᠭᠡ ᠥᠭᠬᠦ ᠲᠠᠪᠴᠠᠩ᠂ ᠵᠠᠭᠠᠯᠳᠤᠯᠭ᠎ᠠ ᠶᠢ ᠭᠥᠯᠢᠶᠡᠨ ᠠᠪᠴᠤ ᠰᠢᠢᠳᠪᠦᠷᠢᠯᠡᠬᠦ ᠥᠷᠲᠡᠭᠡ᠂ | ᠮᠥᠩᠭᠦᠨ ᠭᠦᠢᠯᠭᠡᠭᠡᠨ ᠤ ᠠᠮᠤᠷ ᠲᠦᠪᠰᠢᠨ ᠤ ᠪᠤᠯᠤᠩ᠂ ᠠᠷᠠᠳ ᠣᠯᠠᠨ ᠤ ᠴᠡᠭ ᠪᠠᠶᠢᠴᠠᠭᠠᠬᠤ ᠲᠠᠪᠴᠠᠩ᠂ ᠦᠨᠡᠨᠴᠢ ᠢᠲᠡᠭᠡᠮᠵᠢᠲᠡᠢ ᠪᠠᠷ ᠠᠷᠠᠳ ᠲᠤ ᠠᠰᠢᠭ | ᠬᠦᠷᠲᠡᠭᠡᠬᠦ ᠲᠠᠪᠴᠠᠩ ᠵᠡᠷᠭᠡ ᠲᠠᠪᠤᠨ ᠶᠡᠭᠡ ᠲᠤᠰᠬᠠᠶ ᠲᠣᠭᠤᠷᠢᠭ ᠭᠠᠷᠭᠠᠵᠤ᠂ ᠨᠢᠭᠡ ᠯᠡ ᠦᠷᠲᠡᠭᠡ ᠮᠠᠶ᠋ᠢᠭ ᠢᠶᠠᠷ ᠣᠯᠠᠨ ᠨᠡᠶᠢᠲᠡ ᠶᠢᠨ ᠮᠠᠳᠠᠭ ᠲᠠᠢ ᠠᠰᠠᠭᠤᠳᠠᠯ ᠢ | ᠰᠢᠶ᠋ᠳᠪᠦᠷᠢᠯᠡᠵᠦ᠂ ᠬᠡᠷᠡᠭᠯᠡᠭᠴᠢᠳ ᠤᠨ ᠠᠰᠠᠭᠤᠨ ᠯᠠᠪᠯᠠᠬᠤ ᠵᠠᠭᠠᠯᠳᠤᠯᠭ᠎ᠠ ᠶᠢ ᠭᠥᠯᠢᠶᠡᠨ ᠠᠪᠴᠤ᠂ ᠬᠡᠷᠡᠭᠯᠡᠭᠡᠨ ᠤ ᠡᠷᠬᠡ ᠪᠠᠨ ᠬᠠᠮᠠᠭᠠᠯᠠᠬᠤ ᠶᠢ ᠨᠡᠶᠢᠭᠡᠮ ᠤᠨ ᠬᠢᠨ ᠤ | ᠬᠠᠮᠲᠤ ᠪᠠᠷ ᠵᠠᠰᠠᠬᠤ ᠬᠢᠷᠢ ᠲᠦᠪᠰᠢᠨ ᠢ ᠳᠡᠭᠡᠭᠰᠢᠯᠡᠭᠦᠯᠦᠨ᠂ ᠬᠡᠷᠡᠭᠯᠡᠭᠡ ᠶᠢ ᠬᠥᠭᠵᠢᠭᠡᠬᠦ ᠪᠠ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ | ᠨᠡᠮᠡᠷᠢᠯᠡᠪᠡ᠃ | ᠲᠣᠰ ᠤᠳᠠᠭᠠᠨ ᠤ ᠠᠵᠢᠯᠯᠠᠭ᠎ᠠ ᠨᠢ ᠥᠷᠭᠡᠨ ᠣᠯᠠᠨ ᠬᠡᠷᠡᠭᠯᠡᠭᠴᠢᠳ ᠤᠨ ᠬᠠᠤᠯᠢ ᠶᠣᠰᠣᠭᠠᠷ ᠡᠷᠬᠡ ᠪᠠᠨ ᠬᠠᠮᠠᠭᠠᠯᠠᠬᠤ ᠤᠬᠠᠮᠰᠠᠷ ᠢ ᠤᠯᠠᠮ ᠨᠢᠭᠡ ᠠᠯᠬᠤᠮ | ᠴᠢᠩᠭᠠᠷᠠᠭᠤᠯᠵᠤ᠂ ᠡᠵᠡᠩᠨᠡᠭᠴᠢᠳ ᠤᠨ ᠦᠨᠡᠨᠴᠢ ᠢᠲᠡᠭᠡᠮᠵᠢᠲᠡᠶ ᠪᠠᠷ ᠡᠵᠡᠩᠨᠡᠬᠦ ᠣᠶᠢᠯᠠᠭᠠᠭᠳᠠᠬᠤᠨ ᠢ ᠳᠡᠭᠡᠭᠰᠢᠯᠡᠭᠦᠯᠪᠡ᠃ ᠲᠠᠷᠠᠭᠠᠴᠢ ᠶᠢᠨ ᠠᠯᠬᠤᠮ ᠳᠤ᠂ ᠮᠠᠨ ᠤ | ᠬᠤᠰᠢᠭᠤ ᠲᠣᠰ ᠤᠳᠠᠭᠠᠨ ᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠦᠷᠭᠦᠯᠵᠢᠯᠡᠨ | ᠴᠢᠩᠭᠠᠳᠬᠠᠵᠤ᠂ ᠬᠡᠷᠡᠭᠯᠡᠭᠴᠢᠳ ᠤᠨ ᠡᠷᠬᠡ ᠠᠰᠢᠭ ᠲᠤ ᠬᠠᠯᠳᠠᠭᠰᠠᠨ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ | ᠥᠭᠴᠦ᠂ ᠥᠷᠭᠡᠨ ᠣᠯᠠᠨ ᠬᠡᠷᠡᠭᠯᠡᠭᠴᠢᠳ ᠲᠤ ᠨᠠᠩ ᠠᠮᠤᠷ ᠲᠦᠪᠰᠢᠨ᠂ ᠰᠠᠨᠠᠭ᠎ᠠ ᠠᠮᠤᠷ ᠬᠡᠷᠡᠭᠯᠡᠭᠡᠨ ᠤ ᠣᠷᠴᠢᠨ ᠲᠣᠭᠤᠷᠢᠨ ᠢ ᠪᠣᠶ ᠪᠣᠯᠭᠠᠵᠤ ᠥᠭᠭᠦᠨ᠎ᠡ᠃ |