ᠠᠷᠪᠠᠨ ᠲᠠᠪᠤᠳᠤᠭᠠᠷ ᠬᠤᠭᠤᠴᠠᠭᠠᠨ ᠤ ᠡᠸᠡᠩᠭᠢ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 128 ᠳ᠋ᠤᠭᠠᠷ ᠬᠤᠷᠠᠯ ᠵᠢᠴᠢ ᠬᠤᠰᠢᠭᠤᠨ ᠤ ᠨᠠᠮ ᠤᠨ ᠬᠤᠷᠢᠶ᠎ᠠ ᠶᠢᠨ ᠬᠦᠳᠡᠭᠡ ᠲᠣᠰᠬᠤᠨ ᠮᠠᠯᠵᠢᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ 2025 ᠣᠨ ᠤ ᠨᠢᠭᠡᠳᠦᠭᠡᠷ ᠬᠤᠷᠠᠯ᠂ ᠪᠥᠬᠦ ᠬᠤᠰᠢᠭᠤᠨ ᠤ ᠬᠤᠶᠠᠳᠤᠭᠠᠷ ᠡᠭᠡᠯᠵᠢ ᠶᠢᠨ ᠭᠠᠵᠠᠷ ᠰᠢᠷᠣᠢ ᠶᠢᠨ ᠳᠠᠭᠠᠭᠠᠴᠢᠯᠠᠯᠲᠠ ᠶᠢ ᠣᠷᠳᠣᠳᠬᠠᠬᠤ ᠪᠠᠷ ᠵᠢᠭᠰᠠᠭᠠᠨ ᠪᠠᠶᠢᠴᠠᠭᠠᠵᠤ ᠪᠠᠶᠢᠳᠠᠯ ᠢ ᠣᠶᠢᠯᠠᠭᠠᠬᠤ᠂ ᠬᠢᠯᠢ ᠪᠠᠷ ᠣᠷᠣᠵᠤ ᠢᠷᠡᠬᠦ ᠮᠠᠯ ᠢ ᠬᠠᠮᠢᠶᠠᠷᠤᠨ ᠡᠵᠡᠮᠳᠡᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/3/18
       3 ᠰᠠᠷ᠎ᠠ ᠶᠢᠨ 15 ᠤ ᠡᠳᠦᠷ᠂ ᠬᠤᠰᠢᠭᠤ ᠨᠠᠮ ᠤᠨ ᠬᠤᠷᠢᠶ᠎ᠠ ᠶᠢᠨ ᠱᠦᠵᠢ ᠸᠠᠩ ᠵᠢᠶᠦ᠋ᠨ ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 128 ᠳ᠋ᠤᠭᠠᠷ ᠤᠳᠠᠭᠠᠨ ᠤ ᠬᠤᠷᠠᠯ ᠵᠢᠴᠢ ᠬᠤᠰᠢᠭᠤ ᠨᠠᠮ ᠤᠨ ᠬᠤᠷᠢᠶ᠎ᠠ ᠶᠢᠨ ᠬᠦᠳᠡᠭᠡ ᠲᠣᠰᠬᠤᠨ ᠮᠠᠯᠵᠢᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ 2025 ᠣᠨ ᠤ ᠨᠢᠭᠡᠳᠦᠭᠡᠷ  ᠬᠤᠷᠠᠯ᠂ ᠪᠥᠬᠦ ᠬᠤᠰᠢᠭᠤᠨ ᠤ ᠬᠤᠶᠠᠳᠤᠭᠠᠷ ᠡᠭᠡᠯᠵᠢ ᠶᠢᠨ ᠭᠠᠵᠠᠷ ᠰᠢᠷᠣᠢ ᠶᠢᠨ ᠳᠠᠭᠠᠭᠠᠴᠢᠯᠠᠯᠲᠠ ᠶᠢ ᠣᠷᠳᠣᠳᠬᠠᠬᠤ ᠪᠠᠷ ᠵᠢᠭᠰᠠᠭᠠᠨ ᠪᠠᠶᠢᠴᠠᠭᠠᠵᠤ ᠪᠠᠶᠢᠳᠠᠯ ᠢ ᠣᠶᠢᠯᠠᠭᠠᠬᠤ᠂ ᠬᠢᠯᠢ ᠪᠠᠷ ᠣᠷᠣᠵᠤ ᠢᠷᠡᠬᠦ ᠮᠠᠯ ᠢ ᠬᠠᠮᠢᠶᠠᠷᠤᠨ ᠡᠵᠡᠮᠳᠡᠬᠦ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠲᠣᠣᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃
20250318-7.png
       ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠪᠦᠬᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠠᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠢᠭᠡᠨ ᠭᠤᠣᠯ ᠰᠢᠵᠢᠮ ᠢ ᠲᠣᠣᠱᠯᠠᠭᠤᠯᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ︽ᠵᠢᠷᠭᠤᠭᠠᠨ ᠢᠨᠵᠧᠨᠧᠷᠢᠩ︾ ᠢ ᠭᠦᠨᠵᠡᠭᠡᠶᠢᠷᠡᠭᠦᠯᠬᠦ᠂ ︽ᠵᠢᠷᠭᠤᠭᠠᠨ ᠠᠵᠢᠯᠯᠠᠭ᠎ᠠ︾ ᠶᠢ ᠪᠣᠳᠠᠲᠠᠢ ᠠᠳᠬᠤᠬᠤ᠂ ᠲᠠᠪᠤᠨ ᠵᠦᠢᠯ ᠤᠨ ᠥᠭᠡᠷᠡᠴᠢᠯᠡᠯᠲᠡ ᠶᠢᠨ ᠰᠡᠳᠦᠪ ᠢ ᠪᠦᠭᠦ ᠲᠠᠯ᠎ᠠ ᠪᠠᠷ ᠬᠤᠪᠢᠷᠠᠭᠤᠯᠬᠤ ᠵᠡᠷᠭᠡ ᠭᠤᠣᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠦᠨ᠂ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ᠂ ᠥᠪᠥᠷ ᠮᠣᠩᠭᠤᠯ ᠤᠨ ᠵᠡᠭᠦᠨ ᠣᠷᠣᠨ ᠢ ᠬᠥᠭᠵᠢᠭᠦᠯᠦᠨ ᠮᠠᠨᠳᠤᠭᠤᠯᠬᠤ ᠶᠡᠭᠡ ᠲᠠᠯ᠎ᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠪᠦᠭᠦ ᠬᠤᠰᠢᠭᠤᠨ ᠤ ᠡᠯ᠎ᠡ ᠵᠦᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠨᠡᠩ ᠶᠡᠭᠡ ᠬᠥᠳᠡᠯᠭᠡᠬᠦ ᠬᠦᠴᠦᠨ ᠨᠡᠮᠡᠷᠢᠯᠡᠨ᠎ᠡ᠃       ᠬᠤᠷᠠᠯ ᠠᠴᠠ ᠱᠠᠭᠠᠷᠳᠠᠭᠰᠠᠨ ᠨᠢ᠂ ᠲᠥᠪ ᠤᠨ ᠬᠤᠯᠪᠣᠭᠳᠠᠯ ᠪᠦᠬᠦᠢ ᠰᠠᠨᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠬᠦᠳᠡᠭᠡ ᠲᠣᠰᠬᠤᠨ ᠮᠠᠯᠵᠢᠬᠤ ᠣᠷᠣᠨ ᠤ ᠠᠵᠢᠯ ᠤᠨ ᠬᠤᠷᠠᠯ ᠤᠨ ᠱᠠᠭᠠᠷᠳᠠᠯᠭ᠎ᠠ ᠶᠣᠰᠣᠭᠠᠷ᠂ ᠨᠤᠲᠤᠭ ᠪᠡᠯᠴᠢᠭᠡᠷ ᠤᠨ ᠬᠡᠲᠦ ᠮᠠᠯᠵᠢᠯ ᠤᠨ ᠠᠰᠠᠭᠤᠳᠠᠯ ᠢ ᠰᠢᠰᠲ᠋ᠧᠮ ᠲᠠᠢ ᠰᠢᠢᠳᠪᠦᠷᠢᠯᠡᠬᠦ ᠶᠢ ᠬᠢᠨᠠᠮᠠᠭᠠᠢ ᠲᠥᠯᠥᠪᠯᠡᠵᠦ᠂ ᠤᠯᠠᠮᠵᠢᠯᠠᠯᠲᠤ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠲᠦᠯᠬᠢᠨ ᠠᠬᠢᠭᠤᠯᠵᠤ᠂ ᠮᠠᠯᠵᠢᠬᠤ ᠣᠷᠣᠨ ᠤ ᠤᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠵᠢᠨ‌ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠠᠬᠢᠭᠤᠯᠬᠤ ᠬᠡᠷᠡᠭᠲᠡᠢ᠃ ᠪᠥᠬᠦ ᠬᠦᠷᠢᠶ᠎ᠡ ᠴᠠᠷᠠᠭ᠎ᠠ ᠪᠥᠬᠦ ᠬᠦᠴᠦᠨ ᠵᠦᠢᠯ ᠤᠨ ᠵᠢᠭᠰᠠᠭᠠᠨ ᠪᠠᠶᠢᠴᠠᠭᠠᠬᠤ ᠠᠵᠢᠯ ᠲᠠᠢ ᠤᠶᠠᠯᠳᠤᠭᠤᠯᠤᠨ᠂ ᠭᠠᠵᠠᠷ ᠰᠢᠷᠣᠢ ᠶᠢᠨ ᠦᠨᠳᠦᠰᠦᠨ ᠪᠠᠶᠢᠳᠠᠯ ᠪᠠ ᠵᠥᠷᠢᠴᠡᠯ ᠵᠢᠭᠤᠷᠠᠯᠳᠤᠭᠠᠨ ᠤ ᠪᠠᠶᠢᠳᠠᠯ ᠢ ᠪᠥᠬᠦ ᠲᠠᠯ᠎ᠠ ᠪᠠᠷ ᠲᠣᠳᠣᠷᠬᠠᠢ ᠣᠶᠢᠯᠠᠭᠠᠵᠤ᠂ ᠲᠠᠷᠠᠭᠠᠴᠢ ᠶᠢᠨ ᠠᠵᠢᠯ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠢ᠃ ᠬᠢᠯᠢ ᠳᠤ ᠣᠷᠣᠬᠤ ᠮᠠᠯ ᠢ ᠬᠠᠮᠢᠶᠠᠷᠤᠨ ᠡᠵᠡᠮᠳᠡᠬᠦ ᠠᠵᠢᠯ ᠢ ᠴᠢᠩᠭᠠᠳᠬᠠᠵᠤ᠂ ᠡᠷᠦᠬᠡ  ᠪᠠᠷ ᠤᠷᠣᠵᠣ ᠤᠬᠠᠭᠤᠯᠭ᠎ᠠ ᠶᠢ ᠪᠦᠷᠬᠦᠭᠦᠯᠬᠦ ᠶᠢ ᠠᠬᠢᠭᠤᠯᠵᠤ᠂ ᠪᠠᠶᠢᠴᠠᠭᠠᠯᠲᠠ ᠶᠢᠨ ᠥᠷᠲᠡᠭᠡ ᠶᠢᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠴᠢᠩᠭᠠᠳᠬᠠᠵᠤ᠂ ᠮᠠᠯ ᠠᠵᠤ ᠠᠬᠤᠢ ᠶᠢᠨ ᠡᠷᠡᠭᠦᠯ ᠢᠶᠠᠷ᠂ ᠡᠮᠬᠢ ᠵᠢᠷᠤᠮ ᠲᠠᠢ᠂  ᠲᠣᠭᠲᠠᠪᠤᠷᠢᠲᠠᠢ ᠬᠥᠭᠵᠢᠯᠲᠡ ᠶᠢ ᠪᠠᠲᠤᠯᠠᠬᠤ ᠬᠡᠷᠡᠭᠲᠡᠢ᠃       ᠬᠤᠷᠠᠯ ᠠᠴᠠ᠂ ᠳᠠᠷᠤᠭᠠᠰᠤ ᠶᠢ ᠬᠥᠩᠭᠡᠷᠡᠭᠦᠯᠬᠦ ᠪᠠ ᠴᠢᠳᠠᠮᠵᠢ ᠶᠢᠨ ᠳᠡᠭᠡᠭᠰᠢᠯᠡᠭᠦᠯᠦᠯᠲᠡ ᠶᠢ ᠣᠷᠭᠠᠨᠢᠭ ᠢᠶᠠᠷ ᠤᠶᠠᠯᠳᠤᠭᠤᠯᠵᠤ᠂ ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ ᠶᠢ ᠡᠭᠦᠳᠬᠦ ᠶᠢ ᠠᠬᠢᠭᠤᠯᠵᠤ᠂ ᠡᠬᠢ ᠪᠠᠶᠠᠯᠢᠭ᠂ ᠦᠢᠯᠡᠴᠢᠯᠡᠭᠡ᠂ ᠬᠠᠮᠢᠶᠠᠷᠤᠯᠲᠠ ᠶᠢ ᠦᠨᠳᠦᠰᠦᠨ ᠱᠠᠲᠤᠨ ᠳᠤ ᠭᠦᠨᠵᠡᠭᠡᠶᠢᠷᠡᠭᠦᠯᠬᠦ ᠶᠢ ᠠᠬᠢᠭᠤᠯᠵᠤ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠪᠠᠶᠢᠳᠠᠯ ᠤᠨ ᠬᠢᠨᠠᠨ ᠬᠡᠮᠵᠢᠯᠲᠡ ᠶᠢ ᠴᠢᠩᠭᠠᠳᠬᠠᠵᠤ᠂ ᠦᠨᠳᠦᠰᠦᠨ ᠱᠠᠲᠤᠨ ᠤ ᠺᠠᠳ᠋ᠷᠴᠤᠳ ᠨᠡᠩ ᠤᠯᠠᠨ ᠴᠠᠭ ᠪᠠ ᠰᠡᠳᠭᠢᠯ ᠭᠠᠷᠭᠠᠵᠤ᠂ ᠪᠣᠳᠠᠲᠠᠢ ᠶᠠᠪᠤᠳᠠᠯ ᠬᠢᠬᠦ ᠪᠠ ᠨᠠᠶᠢᠳᠠᠪᠤᠷᠢᠵᠢᠭᠤᠯᠤᠯᠲᠠ ᠶᠢ ᠠᠳᠬᠤᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃       ᠬᠤᠷᠠᠯ ᠠᠴᠠ ᠪᠠᠰᠠ ᠠᠮᠢ ᠠᠬᠤᠢ ᠶᠢᠨ ᠬᠠᠤᠯᠢ ᠬᠡᠷᠡᠭᠵᠢᠭᠦᠯᠦᠯᠲᠡ᠂ ᠨᠤᠲᠤᠭ ᠪᠡᠯᠴᠢᠭᠡᠷ ᠤᠨ ᠬᠠᠮᠢᠶᠠᠷᠤᠯᠲᠠ ᠵᠡᠷᠭᠡ ᠠᠵᠢᠯ ᠤᠨ ᠲᠥᠰᠥᠯ ᠢ ᠬᠢᠨᠠᠨ ᠵᠥᠪᠯᠡᠵᠦ ᠪᠠᠲᠤᠯᠠᠭᠰᠠᠨ ᠪᠥᠭᠡᠳ ᠣᠶᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠳᠤ ᠪᠣᠳᠠᠲᠠᠢ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠡ᠃    
ᠢᠷᠡᠯᠲᠡ᠄ ᠡᠸᠡᠩᠬᠢ ᠦᠨᠳᠦᠰᠦᠲᠡᠨ ᠤ ᠦᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠣᠷᠳᠤᠨ