3 ᠰᠠᠷ᠎ᠠ ᠶᠢᠨ 16 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠨ᠎ᠡ ᠪᠠᠷᠭᠤ ᠵᠡᠭᠦᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ | ᠬᠤᠷᠢᠶᠠᠨ ᠤ ᠪᠠᠶᠢᠩᠭᠤ ᠶᠢᠨ ᠬᠤᠷᠢᠶᠠᠨ ᠤ 132 ᠳ᠋ᠤᠭᠠᠷ ᠤᠳᠠᠭᠠᠨ ᠤ ᠬᠤᠷᠠᠯ ᠬᠤᠷᠠᠯᠳᠤᠵᠤ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠨᠠᠢ ᠪᠢᠨ | ᠬᠤᠷᠠᠯ ᠡᠷᠭᠢᠯᠡᠪᠡ᠃ᠠᠮᠤᠷᠪᠠᠲᠤ᠂ ᠭᠦᠸᠧ ᠬᠠᠨ ᠶᠤᠸᠠᠢ ᠵᠡᠷᠭᠡ ᠬᠤᠰᠢᠭᠤᠨ ᠤ ᠤᠳᠤᠷᠢᠳᠤᠯᠭ᠎ᠠ ᠬᠤᠷᠠᠯ ᠳᠤ ᠣᠷᠣᠯᠴᠠᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠶᠢ ᠤᠯᠠᠮᠵᠢᠯᠠᠨ ᠰᠤᠷᠤᠯᠴᠠᠵᠠᠢ︔ ᠪᠥᠬᠦ ᠤᠯᠤᠰ᠂ | ᠪᠥᠬᠦ ᠣᠷᠣᠨ᠂ ᠪᠥᠬᠦ ᠬᠤᠲᠠ ᠶᠢᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ᠂ ᠤᠯᠤᠰ ᠲᠥᠷᠥ ᠬᠠᠤᠯᠢ ᠴᠠᠭᠠᠵᠠ ᠶᠢᠨ | ᠡᠯ᠎ᠡ ᠪᠠᠶᠢᠭᠤᠯᠭ᠎ᠠ ᠨᠢᠭᠡᠴᠢ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ᠬᠤᠷᠠᠯ ᠠᠴᠠ ᠴᠢᠬᠤᠯᠠᠴᠢᠯᠠᠭᠰᠠᠨ ᠨᠢ᠂ ᠪᠥᠬᠦ ᠬᠤᠰᠢᠭᠤᠨ ᠤ | ᠳᠡᠭᠡᠳᠦ ᠳᠣᠣᠷᠠᠳᠤ ᠱᠠᠲᠤ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠰᠤᠷᠤᠯᠴᠠᠬᠤ ᠶᠢ ᠣᠨᠣᠯ ᠤᠨ ᠰᠤᠷᠤᠯᠴᠠᠯᠭ᠎ᠠ ᠶᠢᠨ ᠴᠢᠬᠤᠯᠠ ᠠᠭᠤᠯᠭ᠎ᠠ ᠳᠤ | ᠣᠷᠣᠭᠤᠯᠵᠤ᠂ ᠡᠨᠡ ᠬᠦ ᠣᠶᠢᠯᠠᠭᠠᠭᠳᠠᠬᠤᠨ ᠢ ᠨᠠᠮ ᠤᠨ ᠭᠡᠰᠢᠭᠦᠨ ᠺᠠᠳ᠋ᠷ ᠨᠢᠭᠡᠪᠦᠷᠢ᠂ ᠣᠯᠠᠨ ᠲᠦᠮᠡᠨ ᠨᠢᠭᠡᠪᠦᠷᠢ ᠶᠢᠨ ᠰᠡᠳᠬᠢᠯ ᠳᠤ ᠭᠦᠨ ᠬᠠᠳᠠᠩᠰᠢᠭᠤᠯᠬᠤ ᠬᠡᠷᠡᠭᠲᠡᠢ᠃ | ᠭᠠᠭᠴᠠ ᠬᠦ ᠦᠵᠡᠯ ᠰᠠᠨᠠᠭᠠᠨ ᠤ ᠲᠠᠯ᠎ᠠ ᠪᠠᠷ ᠳᠡᠭᠡᠳᠦ ᠬᠡᠮᠵᠢᠶ᠎ᠡ ᠪᠠᠷ ᠴᠢᠬᠤᠯᠠᠴᠢᠯᠠᠪᠠᠯ ᠰᠠᠶ᠋ᠢ ᠦᠢᠯᠡ ᠠᠵᠢᠯᠯᠠᠭ᠎ᠠ ᠳᠡᠭᠡᠷ᠎ᠡ ᠪᠠᠨ ᠡᠷᠡᠰ ᠲᠤᠭᠤᠰᠢᠯᠠᠭᠤᠯᠵᠤ᠂ ᠠᠮᠤᠷ | ᠠᠮᠤᠭᠤᠯᠠᠩ ᠰᠢᠨ᠎ᠡ ᠪᠠᠷᠭᠤ ᠵᠡᠭᠦᠨ ᠬᠤᠰᠢᠭᠤᠨ ᠤ ᠪᠦᠲᠦᠭᠡᠨ ᠪᠠᠶᠢᠭᠤᠯᠤᠯᠲᠠ ᠳᠤ ᠥᠷᠭᠡᠨ ᠳᠡᠯᠭᠡᠷ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠪᠦᠬᠦ | ᠨᠡᠶᠢᠭᠡᠮ ᠢᠶᠠᠷ ᠢᠶᠠᠨ ᠤᠯᠤᠰ ᠤᠨ ᠠᠮᠤᠷ ᠲᠦᠪᠰᠢᠨ ᠢ ᠬᠠᠮᠲᠤ ᠪᠠᠷ ᠬᠠᠮᠠᠭᠠᠯᠠᠬᠤ ᠬᠦᠴᠦᠷᠬᠡᠭ ᠶᠡᠭᠡ ᠨᠡᠶᠢᠯᠡᠮᠡᠯ ᠬᠦᠴᠦᠨ ᠢ ᠪᠦᠷᠢᠯᠳᠦᠭᠦᠯᠵᠦ ᠴᠢᠳᠠᠨ᠎ᠠ᠃ | ᠬᠤᠷᠠᠯ ᠠᠴᠠ ᠱᠠᠭᠠᠷᠳᠠᠭᠰᠠᠨ ᠨᠢ᠂ ᠰᠢᠨ᠎ᠡ ᠴᠠᠭ ᠦᠶ᠎ᠡ ᠶᠢᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠢ ᠰᠠᠶᠢᠲᠤᠷ ᠬᠢᠬᠦ ᠳᠤ ᠬᠠᠷᠢᠭᠤᠴᠠᠯᠭ᠎ᠠ ᠬᠦᠨᠳᠦ᠂ | ᠡᠭᠦᠷᠭᠡ ᠬᠠᠲᠠᠭᠤ ᠪᠡᠷᠬᠡ ᠪᠠᠶᠢᠵᠤ᠂ ᠪᠥᠬᠦ ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ ᠪᠠᠶᠢᠭᠤᠯᠭ᠎ᠠ ᠨᠢᠭᠡ ᠭᠤᠣᠯ ᠰᠢᠵᠢᠮ ᠳᠤ ᠠᠩᠬᠠᠷᠤᠯ ᠢᠶᠠᠨ | ᠲᠥᠪᠯᠡᠷᠡᠭᠦᠯᠵᠦ᠂ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠵᠤ᠂ ︽ᠵᠢᠷᠭᠤᠭᠠᠨ ᠢᠨᠵᠧᠨᠧᠷᠢᠩ︾ ᠢ ᠭᠦᠨᠵᠡᠭᠡᠶᠢᠷᠡᠭᠦᠯᠦᠨ᠂ ︽ᠵᠢᠷᠭᠤᠭᠠᠨᠠᠵᠢᠯᠯᠠᠭᠠᠨ︾ ᠢ ᠪᠣᠳᠠᠲᠠᠢ | ᠠᠳᠬᠤᠵᠤ᠂ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠮᠤᠷ ᠲᠦᠪᠰᠢᠨ ᠢ ᠪᠠᠲᠤᠯᠠᠬᠤ᠂ ᠡᠩᠬᠡ | ᠲᠣᠭᠲᠠᠭᠤᠨ ᠢ ᠬᠠᠮᠠᠭᠠᠯᠠᠬᠤ᠂ ᠬᠥᠭᠵᠢᠯᠲᠡ ᠶᠢ ᠠᠬᠢᠭᠤᠯᠬᠤ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠵᠦ᠂ 2025 ᠣᠨ ᠤ ᠪᠥᠬᠦ | ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠰᠢᠨ᠎ᠡ ᠪᠠᠶᠢᠳᠠᠯ ᠢ ᠬᠠᠮᠲᠤᠪᠠᠷ ᠡᠭᠦᠳᠬᠦ ᠬᠡᠷᠡᠭᠲᠡᠢ᠃ | ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠤ ᠬᠢᠨᠠᠨ ᠵᠥᠪᠯᠡᠪᠡ᠃ | | |