ᠬᠤᠲᠠ ᠶᠢᠨ ᠤᠳᠤᠷᠢᠳᠤᠯᠭ᠎ᠠ ᠥᠪᠡᠷᠲᠡᠭᠡᠨ ᠵᠠᠰᠠᠬᠤ ᠣᠷᠣᠨ ᠤ 2025 ᠣᠨ ᠤ ᠠᠯᠪᠠᠲᠠᠨ ᠤ ᠪᠢᠷ ᠤᠨ ᠰᠢᠯᠭᠠᠯᠲᠠ ᠶᠢᠨ ᠬᠥᠯᠥᠨ ᠪᠤᠶᠢᠷ ᠤᠨ ᠰᠢᠯᠭᠠᠯᠲᠠ ᠶᠢᠨ ᠲᠣᠭᠤᠷᠢᠭ ᠤᠨ ᠰᠢᠯᠭᠠᠯᠲᠠ ᠶᠢᠨ ᠶᠠᠪᠤᠳᠠᠯ ᠤᠨ ᠠᠵᠢᠯ ᠢ ᠲᠣᠭᠤᠷᠢᠨ ᠪᠠᠶᠢᠴᠠᠭᠠᠪᠠ
ᠨᠡᠶᠢᠲᠡᠯᠡᠭᠰᠡᠨ ᠴᠠᠭ᠄
2025/3/18
       3 ᠳ᠋ᠤᠭᠠᠷ ᠰᠠᠷ᠎ᠠ ᠶᠢᠨ 15 ᠤ ᠡᠳᠦᠷ ᠤᠨ ᠦᠳᠡ ᠶᠢᠨ ᠡᠮᠦᠨ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠵᠠᠰᠠᠭ ᠣᠯᠠᠨ ᠲᠦᠮᠡᠨ ᠤ ᠪᠠᠶᠢᠭᠤᠯᠭ᠎ᠠ ︵ᠠᠯᠪᠠᠲᠠᠨ ᠤ ᠬᠠᠤᠯᠢ ᠪᠠᠷ ᠯᠠᠪᠯᠠᠯᠲᠠ ᠪᠤᠯᠭᠠᠨ ᠬᠠᠮᠢᠶᠠᠷᠬᠤ ᠨᠢᠭᠡᠴᠢ︶ ᠶᠢᠨ 2025 ᠣᠨ ᠤ ᠠᠯᠪᠠᠲᠠᠨ ᠡᠯᠰᠡᠬᠦ ᠪᠢᠷ ᠤᠨ ᠰᠢᠯᠭᠠᠯᠲᠠ ᠬᠥᠯᠥᠨ ᠪᠤᠶᠢᠷ ᠤᠨ ᠰᠢᠯᠭᠠᠯᠲᠠ ᠶᠢᠨ ᠲᠣᠭᠤᠷᠢᠭ ᠲᠤ ᠰᠢᠯᠭᠠᠯᠲᠠ ᠡᠬᠢᠯᠡᠭᠦᠯᠪᠡ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠶᠠᠨ ᠢ ᠱᠧᠩ᠂ ᠬᠤᠲᠠ ᠶᠢᠨ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠸᠧᠨ ᠶᠢᠨ ᠯᠸᠢ ᠵᠢᠴᠢ ᠥᠪᠡᠷᠲᠡᠭᠡᠨ ᠵᠠᠰᠠᠬᠤ ᠣᠷᠣᠨ ᠤ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠪᠦᠷᠢᠯᠳᠦᠬᠦᠨ ᠲᠣᠰ ᠲᠣᠰ ᠪᠦᠯᠬᠦᠮ ᠳᠠᠭᠠᠭᠤᠯᠵᠤ᠂ ᠰᠢᠯᠭᠠᠯᠲᠠ ᠶᠢᠨ ᠲᠣᠭᠤᠷᠢᠭ ᠤᠨ ᠡᠯ᠎ᠡ ᠰᠢᠯᠭᠠᠯᠲᠠ ᠶᠢᠨ ᠴᠡᠭ ᠲᠤ ᠭᠦᠨᠵᠡᠭᠡᠶᠢᠷᠡᠨ ᠲᠣᠭᠤᠷᠢᠨ ᠪᠠᠶᠢᠴᠠᠭᠠᠪᠠ᠃       ᠲᠣᠭᠤᠷᠢᠨ ᠪᠠᠶᠢᠴᠠᠭᠠᠬᠤ ᠳᠤᠭᠤᠶᠢᠯᠠᠩ ᠤᠷᠢᠳ ᠬᠤᠵᠢᠳ ᠬᠥᠯᠥᠨ ᠪᠤᠶᠢᠷ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠰᠢᠨ ᠬᠠᠶ ᠳᠤᠮᠳᠠᠳᠤ ᠰᠤᠷᠭᠠᠭᠤᠯᠢ᠂ ᠲᠢᠶᠠᠨ ᠵᠢᠶᠤᠤ ᠪᠠᠭ᠎ᠠ ᠰᠤᠷᠭᠠᠭᠤᠯᠢ᠂ ᠬᠠᠶᠢᠯᠠᠷ ᠤᠨ ᠬᠤᠶᠠᠳᠤᠭᠠᠷ ᠳᠤᠮᠳᠠᠳᠤ ᠰᠤᠷᠭᠠᠭᠤᠯᠢ ᠵᠡᠷᠭᠡ ᠰᠢᠯᠭᠠᠯᠲᠠ ᠶᠢᠨ ᠴᠡᠭ ᠤᠨ ᠰᠢᠯᠭᠠᠯᠲᠠ ᠶᠢᠨ ᠶᠠᠪᠤᠳᠠᠯ ᠤᠨ ᠠᠯᠪᠠᠨ ᠬᠡᠷ᠂ ᠬᠢᠨᠠᠨ ᠡᠵᠡᠮᠳᠡᠬᠦ ᠲᠠᠰᠤᠭ ᠵᠡᠷᠭᠡ ᠭᠠᠵᠠᠷ ᠲᠤ ᠬᠦᠷᠴᠦ᠂ ᠰᠢᠯᠭᠠᠯᠲᠠ ᠶᠢᠨ ᠴᠡᠭ ᠤᠨ ᠰᠢᠯᠭᠠᠯᠲᠠ ᠠᠴᠠ ᠡᠮᠦᠨᠡᠬᠢ ᠪᠡᠯᠡᠳᠬᠡᠯ ᠪᠠᠶᠢᠳᠠᠯ ᠢ ᠨᠠᠷᠢᠨ ᠠᠰᠠᠭᠤᠨ ᠯᠠᠪᠯᠠᠵᠤ᠂ ᠰᠢᠯᠭᠠᠯᠲᠠ ᠬᠢᠨᠠᠬᠤ ᠠᠵᠢᠯᠲᠠᠨ ᠤ ᠠᠵᠢᠯ ᠪᠠ ᠰᠢᠯᠭᠠᠭᠤᠯᠤᠭᠴᠢ ᠶᠢᠨ ᠰᠢᠯᠭᠠᠯᠲᠠ ᠶᠢᠨ ᠪᠠᠶᠢᠳᠠᠯ ᠢ ᠣᠶᠢᠯᠠᠭᠠᠪᠠ᠃ ᠠᠯᠪᠠᠲᠠᠨ ᠤ ᠰᠢᠯᠭᠠᠯᠲᠠ ᠨᠢ ᠥᠷᠭᠡᠨ ᠣᠯᠠᠨ ᠰᠢᠯᠭᠠᠭᠤᠯᠤᠭᠴᠢ ᠶᠢᠨ ᠲᠣᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠵᠤ᠂ ᠨᠡᠶᠢᠭᠡᠮ ᠤᠨ ᠡᠯ᠎ᠡ ᠡᠲᠡᠭᠡᠳ ᠤᠨ ᠥᠷᠭᠡᠨ ᠢᠶᠠᠷ ᠠᠩᠬᠠᠷᠴᠤ ᠪᠠᠶᠢᠭ᠎ᠠ ᠬᠠᠯᠠᠭᠤᠨ ᠴᠡᠭ ᠮᠥᠨ᠂ ᠰᠢᠯᠭᠠᠯᠲᠠ ᠶᠢᠨ ᠶᠠᠪᠤᠳᠠᠯ ᠤᠨ ᠠᠵᠢᠯᠲᠠᠳ ᠡᠷᠬᠡᠪᠰᠢ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠨ᠂ ᠰᠢᠯᠭᠠᠯᠲᠠ ᠶᠢᠨ ᠶᠠᠪᠤᠳᠠᠯ ᠤᠨ ᠠᠵᠢᠯ ᠢ ᠦᠨᠡᠨ ᠬᠦ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠨ ᠪᠣᠳᠠᠲᠠᠶ ᠠᠳᠬᠤᠵᠤ ᠰᠠᠶᠢᠲᠤᠷ ᠠᠳᠬᠤᠬᠤ ᠬᠡᠷᠡᠭᠲᠡᠶ ︔ ᠰᠢᠯᠭᠠᠯᠲᠠ ᠶᠢᠨ ᠲᠤᠬᠠᠶ ᠶᠢᠨ ᠭᠠᠵᠠᠷ ᠤᠨ ᠬᠠᠮᠢᠶᠠᠷᠤᠯᠲᠠ ᠶᠢ ᠴᠢᠩᠭᠠᠳᠬᠠᠵᠤ᠂ ᠡᠮᠴᠢ ᠰᠤᠪᠢᠯᠠᠭᠴᠢ ᠵᠢᠴᠢ ᠠᠷᠤ ᠲᠠᠯ᠎ᠠ ᠶᠢᠨ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠬᠡᠷᠡᠭᠲᠡᠶ ︔ ᠰᠢᠯᠭᠠᠯᠲᠠ ᠶᠢᠨ ᠰᠠᠬᠢᠯᠭ᠎ᠠ ᠪᠠᠲᠤ ᠶᠢ ᠴᠢᠩᠳᠠᠯᠠᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠠᠮᠵᠢᠯᠴᠠᠬᠤ ᠪᠠᠨ ᠴᠢᠩᠭᠠᠳᠬᠠᠵᠤ᠂ ᠰᠢᠯᠭᠠᠯᠲᠠ ᠶᠢᠨ ᠶᠠᠪᠤᠳᠠᠯ ᠤᠨ ᠠᠵᠢᠯ ᠤᠨ ᠤᠷᠤᠭᠰᠢᠲᠠᠢ ᠪᠡᠶᠡᠯᠡᠭᠳᠡᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃       ᠣᠶᠢᠯᠠᠭᠠᠭᠰᠠᠨ ᠢᠶᠠᠷ᠂ ᠡᠨᠡ ᠵᠢᠯ ᠤᠨ ᠠᠯᠪᠠᠲᠠᠨ ᠤ ︽ᠮᠤᠵᠢ ᠶᠢᠨ ᠰᠢᠯᠭᠠᠯᠲᠠ︾ ᠶᠢᠨ ᠬᠥᠯᠥᠨ ᠪᠤᠶᠢᠷ ᠤᠨ ᠰᠢᠯᠭᠠᠯᠲᠠ ᠶᠢᠨ ᠲᠣᠭᠤᠷᠢᠭ ᠲᠤ 27 ᠰᠢᠯᠭᠠᠯᠲᠠ ᠶᠢᠨ ᠴᠡᠭ᠂ 755 ᠰᠢᠯᠭᠠᠯᠲᠠ ᠶᠢᠨ ᠲᠠᠯᠠᠪᠠᠶ ᠳᠣᠭᠢᠷᠠᠭᠤᠯᠵᠤ᠂ 2419 ᠬᠥᠮᠦᠨ ᠢ ᠰᠢᠯᠭᠠᠯᠲᠠ ᠶᠢᠨ ᠠᠵᠢᠯ ᠳᠤ ᠣᠷᠣᠯᠴᠠᠭᠤᠯᠪᠠ᠃ ᠮᠠᠨ ᠤ ᠬᠤᠲᠠ ᠳᠤ ᠨᠡᠶᠢᠲᠡ 22425 ᠰᠢᠯᠭᠠᠭᠤᠯᠤᠭᠴᠢ ᠪᠢᠷ ᠤᠨ ᠰᠢᠯᠭᠠᠯᠲᠠ ᠳᠤ ᠣᠷᠣᠯᠴᠠᠪᠠ᠃      
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ