ᠸᠠᠩ ᠸᠠᠩ ᠱᠧᠩ ᠣᠳᠣᠬᠠᠨ ᠤ ᠭᠤᠣᠯᠳᠠᠯᠭ᠎ᠠ ᠲᠠᠢ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/3/18
       ᠣᠶᠢᠷ᠎ᠠ ᠳᠤ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠸᠠᠩ ᠱᠧᠩ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠠᠵᠤ ᠠᠬᠤᠶᠢᠯᠠᠯ ᠢ ᠳᠡᠮᠵᠢᠬᠦ ᠠᠵᠢᠯᠯᠠᠭᠠᠨ᠂ ᠤᠯᠠᠮᠵᠢᠯᠠᠯᠲᠤ ᠮᠠᠯ ᠠᠵᠤ ᠠᠬᠤᠶ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠵᠡᠷᠭᠡ ᠠᠵᠢᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠪᠠ᠃             ᠬᠠᠶᠢᠯᠠᠷ ᠲᠣᠭᠤᠷᠢᠭ ᠤᠨ ᠬᠥᠯᠥᠨ ᠵᠡᠭᠡᠯᠢ ᠭᠤᠳᠤᠮᠵᠢ ᠶᠢᠨ 109 ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠲᠤ᠂ ᠸᠠᠩ ᠸᠠᠩ ᠱᠧᠩ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠪᠠ ᠠᠷᠠᠳ ᠤᠨ ᠠᠮᠢᠳᠤᠷᠠᠯ ᠤᠨ ᠠᠵᠢᠯ ᠢ ᠨᠠᠷᠢᠨ ᠣᠶᠢᠯᠠᠭᠠᠪᠠ᠃ ᠲᠡᠷᠡ᠂ ︽ᠳᠠᠷᠤᠭᠠᠰᠤ ᠶᠢ ᠬᠥᠩᠭᠡᠷᠡᠭᠦᠯᠬᠦ᠂ ᠴᠢᠳᠠᠪᠤᠷᠢ ᠣᠯᠭᠤᠬᠤ᠂ ᠬᠦᠴᠢᠷᠳᠡᠯ ᠢ ᠰᠢᠢᠳᠪᠦᠷᠢᠯᠡᠬᠦ᠂ ᠴᠡᠭᠴᠡᠯᠡᠨ ᠰᠠᠶᠢᠵᠢᠷᠠᠭᠤᠯᠬᠤ᠂ ᠰᠢᠮᠳᠠᠭᠤᠯᠬᠤ︾ ᠶᠢ ᠨᠢᠭᠡ ᠴᠤᠬᠴᠠᠵᠢᠭᠤᠯᠤᠨ ᠰᠠᠶᠢᠲᠤᠷ ᠠᠳᠬᠤᠵᠤ᠂ ᠬᠤᠣᠰ ᠴᠢᠭᠯᠡᠯ ᠢᠶᠠᠷ ᠦᠨᠡᠯᠡᠬᠦ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠦᠨᠳᠦᠰᠦᠨ ᠱᠠᠲᠤᠨ ᠳᠤ ᠳᠠᠷᠤᠭᠠᠰᠤ ᠶᠢ ᠦᠨᠡᠨ ᠬᠦ ᠬᠥᠩᠭᠡᠷᠡᠭᠦᠯᠵᠦ᠂ ᠡᠷᠬᠡ ᠣᠯᠭᠤᠵᠤ ᠴᠢᠳᠠᠪᠤᠷᠢ ᠶᠢ ᠨᠢ ᠥᠷᠭᠡᠳᠬᠡᠵᠦ᠂ ᠬᠦᠴᠢᠷ ᠵᠣᠪᠠᠭᠤᠷᠢ ᠶᠢ ᠨᠢ ᠰᠢᠢᠳᠪᠦᠷᠢᠯᠡᠵᠦ ᠥᠭᠬᠦ ᠶᠢᠨ ᠬᠠᠮᠲᠤ᠂ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠵᠦ᠂ ᠡᠯ᠎ᠡ ᠵᠦᠢᠯ ᠤᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠪᠦᠲᠦᠮᠵᠢ ᠶᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃              ᠬᠥᠯᠥᠨ ᠪᠤᠶᠢᠷ ᠤᠨ ᠬᠠᠢ ᠷᠦ᠋ ᠰᠦ ᠶᠢᠨ ᠦᠢᠯᠡᠰ ᠤᠨ ᠬᠢᠵᠠᠭᠠᠷᠲᠤ ᠺᠣᠮᠫᠠᠨᠢ ᠳᠤ᠂ ᠸᠠᠩ ᠸᠠᠩ ᠱᠧᠩ ᠠᠵᠤ ᠠᠬᠤᠶᠢᠯᠠᠯ ᠤᠨ ᠦᠢᠯᠡᠳᠪᠦᠷᠢᠯᠡᠯ ᠤᠨ ᠬᠡᠪᠴᠢᠶ᠎ᠡ ᠵᠢᠴᠢ ᠵᠠᠬ᠎ᠠ ᠳᠡᠯᠭᠡᠭᠦᠷ ᠤᠨ ᠪᠣᠷᠣᠯᠠᠭᠤᠯᠭ᠎ᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠬᠤᠯᠪᠣᠭᠳᠠᠯ ᠪᠦᠬᠦᠢ ᠲᠠᠯ᠎ᠠ ᠶᠢᠨ ᠬᠢᠨ ᠠᠵᠤ ᠠᠬᠤᠶᠢᠯᠠᠯ ᠢ ᠳᠡᠮᠵᠢᠬᠦ ᠠᠵᠢᠯᠯᠠᠭᠠᠨ ᠢ ᠭᠦᠨᠵᠡᠭᠡᠢ ᠥᠷᠨᠢᠭᠦᠯᠵᠦ᠂ ᠠᠵᠤ ᠠᠬᠤᠶᠢᠯᠠᠯ ᠤᠨ ᠪᠤᠳᠠᠳᠤ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠦᠨ ᠲᠦᠷᠦ ᠶᠢᠨ ᠪᠤᠳᠤᠯᠭ᠎ᠠ ᠶᠢ ᠤᠨᠤᠴᠠᠲᠠᠢ ᠬᠡᠷᠡᠭᠵᠢᠭᠦᠯᠵᠦ᠂ ︽ᠳᠤᠮᠳᠠᠳᠤ ᠶᠢᠨ ᠬᠠᠭᠤᠴᠢᠨ ᠨᠡᠷᠡᠲᠦ ᠲᠡᠮᠳᠡᠭ︾ ᠤᠨ ᠠᠵᠤ ᠠᠬᠤᠶᠢᠯᠠᠯ ᠢ ᠰᠢᠨ᠎ᠡ ᠠᠮᠢᠵᠢᠷᠠᠯ ᠤᠨ ᠬᠦᠴᠦᠨ ᠲᠠᠢ ᠪᠣᠯᠭᠠᠬᠤ ᠬᠡᠷᠡᠭᠲᠡᠢ︔ ᠠᠵᠤ ᠠᠬᠤᠶᠢᠯᠠᠯ ᠤᠨ ᠬᠢᠨ ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠵᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠪᠠᠷᠢᠮᠲᠠᠯᠠᠵᠤ᠂ ᠶᠠᠰᠤ ᠴᠢᠨᠠᠷ ᠢ ᠭᠦᠨᠵᠡᠭᠡᠢ ᠳᠡᠭᠡᠭᠰᠢᠯᠡᠭᠦᠯᠵᠦ᠂ ᠤᠳᠤ ᠦᠶ᠎ᠡ ᠶᠢᠨ ᠰᠦ ᠶᠢᠨ ᠦᠢᠯᠡᠰ ᠤᠨ ᠠᠵᠤ ᠦᠢᠯᠡᠰ ᠤᠨ ᠰᠢᠰᠲ᠋ᠧᠮ ᠢ ᠲᠦᠷᠭᠡᠨ ᠪᠠᠶᠢᠭᠤᠯᠵᠤ᠂ ᠪᠦᠬᠦ ᠬᠤᠳᠠ ᠶᠢᠨ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃             ᠳᠠᠷᠠᠭ᠎ᠠ ᠨᠢ᠂ ᠸᠠᠩ ᠸᠠᠩ ᠱᠧᠩ ᠬᠠᠭᠤᠴᠢᠨ ᠪᠠᠷᠭᠤ ᠬᠤᠰᠢᠭᠤᠨ ᠤ ᠬᠦᠭᠡᠨ᠋ᠦ᠋ᠠᠲᠤᠷ ᠭᠠᠴᠠᠭᠠᠨ ᠤ ᠮᠠᠯᠵᠢᠬᠤ ᠡᠷᠦᠬᠡ ᠪᠣᠯᠤᠨ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠪᠠᠶᠠᠨᠲᠣᠬᠤᠢ ᠪᠠᠯᠭᠠᠰᠤᠨ ᠤ ᠪᠠᠶᠠᠨᠲᠣᠬᠤᠢ ᠭᠠᠴᠠᠭᠠᠨ ᠤ ᠰᠠᠶᠢᠷ ᠬᠤᠷᠰᠢᠶ᠎ᠠ ᠳᠤ ᠬᠦᠷᠴᠦ᠂ ᠮᠠᠯᠴᠢᠨ ᠲᠦᠮᠡᠨ ᠲᠠᠢ ᠰᠠᠨᠠᠯ ᠢᠶᠠᠨ ᠭᠦᠨᠵᠡᠭᠡᠶ ᠰᠣᠯᠢᠯᠴᠠᠪᠠ᠃ ᠸᠠᠩ ᠸᠠᠩ ᠱᠧᠩ᠂ ᠲᠥᠷᠥ ᠶᠢᠨ ᠪᠣᠳᠣᠯᠭ᠎ᠠ ᠶᠢ ᠤᠬᠠᠭᠤᠯᠵᠤ ᠬᠥᠲᠥᠯᠥᠨ ᠵᠢᠯᠣᠭᠤᠳᠬᠤ ᠶᠢ ᠭᠦᠨᠵᠡᠭᠡᠶᠢᠷᠡᠭᠦᠯᠵᠦ᠂ ᠮᠠᠯᠴᠢᠨ ᠲᠠᠷᠢᠶᠠᠴᠢᠨ ᠢ ᠬᠠᠪᠰᠤᠷᠤᠨ ᠠᠮᠢ ᠠᠬᠤᠶ ᠶᠢᠨ ᠲᠠᠩᠰᠠ᠂ ᠠᠵᠤ ᠠᠬᠤᠶ ᠶᠢᠨ ᠲᠠᠩᠰᠠ᠂ ᠠᠯᠤᠰ ᠬᠡᠲᠦ ᠶᠢᠨ ᠲᠠᠩᠰᠠ ᠶᠢ ᠰᠠᠶᠢᠲᠤᠷ ᠪᠤᠳᠤᠵᠤ᠂ ᠲᠠᠷᠠᠬᠠᠶ ᠡᠵᠡᠩᠨᠡᠯᠲᠡ ᠶᠢ ᠡᠷᠴᠢᠮᠵᠢᠭᠦᠯᠦᠨ ᠬᠥᠭᠵᠢᠭᠦᠯᠬᠦ ᠳᠠᠰᠢ ᠬᠤᠪᠢᠷᠠᠭᠤᠯᠬᠤ ᠶᠢ ᠠᠬᠢᠭᠤᠯᠬᠤ ᠬᠡᠷᠡᠭᠲᠡᠶ︔ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠦᠢᠯᠡᠳᠪᠦᠷᠢᠯᠡᠯ ᠤᠨ ᠥᠪᠡᠷ ᠤᠨ ᠦᠷᠳᠡᠭ ᠢ ᠪᠠᠭᠤᠷᠠᠭᠤᠯᠵᠤ᠂ ᠭᠠᠳᠠᠭᠰᠢ ᠪᠣᠷᠣᠯᠠᠭᠤᠯᠬᠤ ᠠᠷᠭ᠎ᠠ ᠵᠠᠮ ᠢ ᠥᠷᠭᠡᠳᠬᠡᠵᠦ᠂ ᠦᠢᠯᠡᠳᠬᠦᠨ ᠢᠶᠠᠨ ᠰᠠᠶᠢᠨ ᠦᠨ᠎ᠡ ᠪᠠᠷ ᠬᠤᠳᠠᠯᠳᠤᠬᠤ ᠶᠢ ᠰᠠᠶᠢᠲᠤᠷ ᠠᠳᠬᠤᠵᠤ᠂ ᠮᠠᠯᠴᠢᠨ ᠲᠠᠷᠢᠶᠠᠴᠢᠨ ᠳᠤ ᠦᠨᠡᠨ ᠪᠣᠳᠠᠲᠠᠢ ᠦᠷ᠎ᠡ ᠠᠰᠢᠭ ᠬᠦᠷᠲᠡᠭᠡᠬᠦ ᠬᠡᠷᠡᠭᠲᠡᠢ︔ ᠰᠢᠨ᠎ᠡ ᠨᠢᠭᠡ ᠦᠶ᠎ᠡ ᠶᠢᠨ ᠮᠠᠯᠴᠢᠨ ᠲᠠᠷᠢᠶᠠᠴᠢᠨ ᠤ ᠡᠩᠨᠡᠭᠡ ᠶᠢ ᠬᠥᠮᠦᠵᠢᠭᠦᠯᠵᠦ᠂ ᠡᠨᠡᠬᠦ ᠠᠭᠤᠳᠠᠮ ᠨᠣᠭᠤᠭᠠᠨ ᠲᠠᠯ᠎ᠠ ᠨᠤᠲᠤᠭ ᠢ ᠦᠨᠡᠨ ᠬᠦ ᠰᠠᠶᠢᠲᠤᠷ ᠰᠠᠬᠢᠨ ᠬᠠᠮᠠᠭᠠᠯᠠᠵᠤ᠂ ᠰᠠᠶᠢᠲᠤᠷ ᠬᠥᠭᠵᠢᠭᠦᠯᠵᠦ᠂ ᠮᠠᠯᠵᠢᠬᠤ ᠣᠷᠣᠨ ᠤ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠳᠤ ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠡᠢ᠃              ᠪᠠᠶᠢᠴᠠᠭᠠᠨ ᠰᠤᠳᠤᠯᠤᠯᠲᠠ ᠶᠢᠨ ᠬᠤᠭᠤᠴᠠᠭᠠᠨ ᠳᠤ᠂ ᠸᠠᠩ ᠸᠠᠩ ᠱᠧᠩ ᠪᠠᠰᠠ ᠬᠥᠯᠥᠨ ᠪᠤᠶᠢᠷ ᠤᠨ ᠬᠤᠨᠢᠨ ᠤ ᠪᠠᠷᠢᠮᠵᠢᠶ᠎ᠠ ᠶᠢᠨ ᠰᠢᠰᠲ᠋ᠧᠮ ᠤᠨ ᠪᠠᠶᠢᠭᠤᠯᠤᠯᠲᠠ᠂ ᠨᠤᠲᠤᠭ ᠪᠡᠯᠴᠢᠭᠡᠷ ᠤᠨ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠢᠨᠠᠨ ᠬᠡᠮᠵᠢᠬᠦ ᠪᠠ ᠵᠠᠰᠠᠨ ᠰᠡᠷᠭᠦᠭᠡᠬᠦ ᠠᠵᠢᠯ ᠤᠨ ᠠᠬᠢᠴᠠ ᠶᠢᠨ ᠪᠠᠶᠢᠳᠠᠯ ᠢ ᠨᠠᠷᠢᠨ ᠣᠶᠢᠯᠠᠭᠠᠵᠤ᠂ ᠬᠠᠪᠤᠷ ᠤᠨ ᠤᠯᠠᠷᠢᠯ ᠤᠨ ᠲᠥᠯ ᠲᠤᠰᠴᠤ ᠪᠤᠶᠢᠵᠢᠭᠤᠯᠬᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ᠂ ᠪᠤᠶᠢᠺᠤ ᠪᠥᠮᠪᠦᠭᠡ ᠶᠢᠨ ᠦᠢᠯᠡᠰ ᠤᠨ ᠬᠥᠭᠵᠢᠯᠲᠡ ᠵᠡᠷᠭᠡ ᠭᠤᠤᠯᠳᠠᠯᠭ᠎ᠠ ᠲᠠᠢ ᠠᠵᠢᠯ ᠳᠤ ᠪᠣᠳᠠᠲᠠᠶ ᠱᠠᠭᠠᠷᠳᠠᠯᠭ᠎ᠠ ᠳᠤᠷᠠᠳᠪᠠ᠃              ᠬᠤᠳᠠ ᠶᠢᠨ ᠤᠳᠤᠷᠢᠳᠤᠯᠭ᠎ᠠ ᠸᠠᠩ ᠮᠧᠩ᠂ ᠶᠠᠨ ᠢ ᠱᠧᠩ᠂ ᠬᠠᠨ ᠯᠢ ᠫᠢᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃      
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ