ᠦᠪᠤᠷ ᠮᠣᠩᠭᠤᠯ ᠤᠨ ᠬᠦᠯᠥᠨ ᠪᠤᠶᠢᠷ ᠬᠤᠳᠡ ᠶᠢᠨ ᠶᠠᠭᠰᠢ ᠬᠤᠳᠡ ᠶᠢᠨ ᠦᠨᠣᠷ ᠭᠤᠤᠯ ᠤᠨ ᠬᠤᠶᠢᠲᠤ ᠡᠷᠭᠢ ᠶᠢᠨ ᠮᠦᠩᠭᠦᠨ ᠤ ᠤᠯᠠᠨᠴᠢ ᠳᠡᠮᠦᠷᠯᠢᠭ ᠤᠨ ᠠᠭᠤᠷᠬᠠᠢ ᠶᠢᠨ ᠬᠠᠶᠢᠨ ᠰᠢᠨᠵᠢᠬᠦ ᠡᠷᠬᠡ ᠶᠢ ᠠᠭᠤᠷᠬᠠᠢ ᠮᠠᠯᠳᠠᠬᠤ ᠡᠷᠬᠡ ᠪᠤᠯᠭᠠᠨ ᠬᠤᠪᠢᠷᠠᠭᠤᠯᠬᠤ ᠲᠣᠬᠠᠢ ᠬᠦᠯᠥᠨ ᠪᠤᠶᠢᠷ ᠬᠤᠳᠡ ᠶᠢᠨ ᠠᠷᠡᠳ ᠤᠨ ᠵᠠᠰᠠᠭ ᠤᠨ ᠣᠷᠳᠣᠨ ᠤ ᠴᠤᠬᠤᠯᠠᠪᠤᠷᠢ
ᠨᠡᠶᠢᠲᠡᠯᠡᠭᠰᠡᠨ ᠴᠠᠭ᠄
2025/3/19
                                  ᠬᠦᠯᠦᠨ ᠵᠠᠰᠠᠭ ᠦᠰᠦᠭ ﹇2025﹈ 4 ᠳ᠋ᠤᠭᠡᠷ ᠲᠣᠭᠠᠲᠤᠶᠠᠭᠰᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ᠄       ᠲᠠᠨ ᠤ ᠬᠤᠲᠠ ᠶᠢᠨ ︽ᠥᠪᠥᠷ ᠮᠣᠩᠭᠤᠯ ᠤᠨ ᠬᠥᠯᠥᠨ ᠪᠤᠶᠢᠷ ᠬᠤᠲᠠ ᠶᠢᠨ ᠶᠠᠭᠰᠢ ᠬᠤᠲᠠ ᠶᠢᠨ ᠦᠨᠦᠷ ᠭᠤᠤᠯ ᠤᠨ ᠬᠤᠶᠢᠲᠤ ᠡᠷᠭᠢ ᠶᠢᠨ ᠮᠦᠩᠭᠦᠨ ᠤ ᠤᠯᠠᠨᠴᠢ ᠲᠡᠮᠦᠷᠯᠢᠭ ᠤᠨ ᠠᠭᠤᠷᠬᠠᠶ ᠶᠢᠨ ᠬᠠᠶᠢᠨ ᠰᠢᠨᠵᠢᠬᠦ ᠡᠷᠬᠡ ᠶᠢ ᠠᠭᠤᠷᠬᠠᠶ ᠮᠠᠯᠲᠠᠬᠤ ᠡᠷᠬᠡ ᠪᠣᠯᠭᠠᠨ ᠬᠤᠪᠢᠷᠠᠭᠤᠯᠬᠤ ᠲᠤᠬᠠᠶ ᠵᠢᠭᠠᠪᠤᠷᠢ ᠠᠪᠬᠤ ᠮᠡᠳᠡᠭᠦᠯᠦᠯᠲᠡ︾ ︵ᠶᠠᠭᠰᠢ ᠵᠠᠰᠠᠭ ᠲᠠᠷᠬᠠᠭᠠᠭᠰᠠᠨ ﹇2020﹈ 38 ᠳ᠋ᠤᠭᠠᠷ ᠲᠣᠭᠠᠲᠤ︶ ᠶᠢ ᠬᠤᠷᠢᠶᠠᠨ ᠠᠪᠤᠯ᠎ᠠ᠃ ᠰᠤᠳᠤᠯᠬᠤ ᠪᠠᠷ ᠳᠠᠮᠵᠢᠭᠠᠳ᠂ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠴᠤᠬᠤᠯᠠᠪᠤᠷᠢᠯᠠᠶ᠎ᠠ᠄       ᠨᠢᠭᠡ᠂ ᠥᠪᠥᠷ ᠮᠣᠩᠭᠤᠯ ᠤᠨ ᠬᠥᠯᠥᠨ ᠪᠤᠶᠢᠷ ᠬᠤᠲᠠ ᠶᠢᠨ ᠶᠠᠭᠰᠢ ᠬᠤᠲᠠ ᠶᠢᠨ ᠦᠨᠦᠷ ᠭᠤᠤᠯ ᠤᠨ ᠬᠤᠶᠢᠲᠤ ᠡᠷᠭᠢ ᠶᠢᠨ ᠮᠦᠩᠭᠦᠨ ᠤ ᠤᠯᠠᠨᠴᠢ ᠲᠡᠮᠦᠷᠯᠢᠭ ᠤᠨ ᠠᠭᠤᠷᠬᠠᠶ ᠶᠢᠨ ᠬᠠᠶᠢᠨ ᠰᠢᠨᠵᠢᠬᠦ ᠡᠷᠬᠡ ᠶᠢ ᠠᠭᠤᠷᠬᠠᠶ ᠮᠠᠯᠲᠠᠬᠤ ᠡᠷᠬᠡ ᠪᠣᠯᠭᠠᠨ ᠬᠤᠪᠢᠷᠠᠭᠤᠯᠬᠤ ᠶᠠᠪᠤᠳᠠᠯ ᠢ ᠵᠠᠷᠴᠢᠮ ᠳᠡᠭᠡᠷ᠎ᠡ ᠪᠠᠨ ᠵᠥᠪᠰᠢᠶᠡᠷᠡᠵᠦ᠂ ᠠᠭᠤᠷᠬᠠᠶ ᠶᠢᠨ ᠠᠵᠤ ᠠᠬᠤᠶᠢᠯᠠᠯ ᠪᠣᠯᠤᠨ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ᠂ ᠲᠣᠭᠲᠠᠭᠠᠭᠰᠠᠨ ᠳᠡᠰ ᠳᠠᠷᠠᠭᠠᠯᠠᠯ ᠤᠨ ᠶᠣᠰᠣᠭᠠᠷ ᠲᠦᠷᠭᠡᠬᠡᠨ ᠭᠦᠢᠴᠡᠳᠬᠡᠨ᠎ᠡ᠃       ᠬᠤᠶᠠᠷ᠂ ᠠᠭᠤᠷᠬᠠᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠵᠤ ᠠᠬᠤᠶᠢᠯᠠᠯ ᠤᠨ ᠠᠶᠤᠯᠬᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠰᠢᠮᠳᠠᠭᠤᠯᠵᠤ᠂ ᠠᠭᠤᠷᠬᠠᠢ ᠶᠢᠨ ᠭᠠᠵᠠᠷ ᠤᠨ ᠣᠷᠴᠢᠨ ᠲᠣᠭᠤᠷᠢᠨ ᠢ ᠰᠡᠷᠭᠦᠭᠡᠨ ᠵᠠᠰᠠᠬᠤ ᠵᠡᠷᠭᠡ ᠬᠠᠤᠯᠢ ᠪᠠᠷ ᠲᠣᠭᠲᠠᠭᠠᠭᠰᠠᠨ ᠡᠭᠦᠷᠭᠡ ᠶᠢ ᠦᠨᠡᠨᠬᠦ ᠭᠦᠢᠴᠡᠳᠬᠡᠨ᠎ᠡ᠃       ᠡᠭᠦᠨ ᠤ ᠲᠤᠯᠠ ᠲᠤᠰᠬᠠᠶᠢᠯᠠᠨ ᠴᠤᠬᠤᠯᠠᠪᠤᠷᠢᠯᠠᠪᠠ᠃                                 2025 ᠣᠨ ᠤ 1 ᠰᠠᠷ᠎ᠠ ᠶᠢᠨ 18 ᠤ ᠡᠳᠦᠷ       ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶     
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ