ᠬᠦᠯᠦᠨ ᠵᠠᠰᠠᠭ ᠠᠯᠪᠠᠨ ᠲᠠᠷᠬᠠᠭᠠᠭᠰᠠᠨ ﹇2025﹈ 7 ᠳ᠋ᠤᠭᠠᠷ ᠲᠣᠭᠠᠲᠤ | | | ᠡᠯ᠎ᠡ ᠬᠤᠰᠢᠭᠤ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠬᠤᠯᠪᠣᠭᠳᠠᠯ ᠪᠥᠬᠦᠶ | ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄ | ︽ᠬᠥᠯᠥᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ 2025 ᠣᠨ ᠤ ᠬᠠᠤᠯᠢ ᠲᠣᠭᠲᠠᠭᠠᠬᠤ ᠠᠵᠢᠯ ᠤᠨ ᠲᠥᠯᠥᠪᠯᠡᠭᠡ︾ ᠶᠢ ᠳᠤᠮᠳᠠᠳᠤ | ᠤᠯᠤᠰ ᠤᠨ ᠡᠪ ᠬᠠᠮᠲᠤ ᠨᠠᠮ ᠤᠨ ᠬᠥᠯᠥᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2025 ᠣᠨ ᠤ | ᠬᠤᠶᠠᠳᠤᠭᠠᠷ ᠤᠳᠠᠭ᠎ᠠ ᠶᠢᠨ ᠬᠤᠷᠠᠯ ᠢᠶᠠᠷ ᠬᠢᠨᠠᠨ ᠵᠥᠪᠯᠡᠭᠰᠡᠨ ᠤ ᠬᠠᠮᠲᠤ ᠲᠠᠪᠤᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠯᠥᠨ | ᠪᠤᠶᠢᠷ ᠬᠤᠲᠠ ᠶᠢᠨ ᠬᠤᠷᠢᠶᠠᠨ ᠤ ᠪᠠᠶᠢᠩᠭᠤ ᠶᠢᠨ ᠬᠤᠷᠢᠶᠠᠨ ᠤ 144 ᠳ᠋ᠤᠭᠡᠷ ᠤᠳᠠᠭ᠎ᠠ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠡᠳᠦᠭᠡ ᠳᠠᠷᠤᠮᠠᠯᠯᠠᠨ | ᠲᠠᠷᠬᠠᠭᠠᠬᠤ ᠶᠢ ᠵᠦᠪᠰᠢᠶᠡᠷᠡᠪᠡ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ ᠨᠢᠭᠡᠴᠢ ᠶᠢᠨ ᠬᠢᠨ ᠨᠠᠷᠢᠨ ᠬᠢᠨᠠᠮᠠᠭᠠᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠬᠠᠤᠯᠢ ᠲᠣᠭᠲᠠᠭᠠᠬᠤ ᠠᠵᠢᠯ ᠤᠨ ᠲᠥᠯᠥᠪᠯᠡᠭᠡ ᠶᠢᠨ ᠱᠠᠭᠠᠷᠳᠠᠯᠭ᠎ᠠ ᠶᠣᠰᠣᠭᠠᠷ᠂ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ | ᠪᠣᠯᠤᠨ ᠵᠠᠰᠠᠭ ᠤᠨ ᠣᠷᠳᠣᠨ ᠤ ᠲᠦᠷᠢᠮ ᠲᠣᠭᠲᠠᠭᠠᠯ ᠢ ᠲᠤᠭᠤᠷᠪᠢᠬᠤ᠂ ᠬᠢᠨᠠᠨ ᠪᠠᠶᠢᠴᠠᠭᠠᠬᠤ᠂ ᠪᠠᠶᠢᠴᠠᠭᠠᠨ ᠰᠤᠳᠤᠯᠬᠤ᠂ ᠵᠠᠰᠠᠪᠤᠷᠢ ᠣᠷᠣᠭᠤᠯᠬᠤ ᠵᠡᠷᠭᠡ ᠠᠵᠢᠯ ᠢ | ᠵᠣᠬᠢᠶᠠᠨ ᠪᠠᠶᠢᠭᠤᠯᠤᠨ ᠥᠷᠨᠢᠭᠦᠯᠵᠦ᠂ ᠬᠠᠤᠯᠢ ᠲᠣᠭᠲᠠᠭᠠᠬᠤ ᠶᠠᠰᠤ ᠴᠢᠨᠠᠷ ᠪᠣᠯᠤᠨ ᠦᠷ᠎ᠡ ᠪᠦᠲᠦᠮᠵᠢ ᠶᠢ ᠪᠠᠲᠤᠯᠠᠵᠤ᠂ ᠬᠠᠤᠯᠢ ᠲᠣᠭᠲᠠᠭᠠᠬᠤ ᠠᠵᠢᠯ ᠤᠨ | ᠡᠭᠦᠷᠭᠡ ᠶᠢ ᠯᠠᠪᠳᠠᠭᠤᠨ ᠪᠠᠲᠤᠲᠠᠢ ᠠᠬᠢᠭᠤᠯᠳᠤᠭᠠᠢ᠃ | | | 2025 ᠣᠨ ᠤ 3 ᠰᠠᠷ᠎ᠠ ᠶᠢᠨ 12 ᠤᠨ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | | | ᠬᠥᠯᠥᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ 2025 ᠣᠨ ᠤ ᠬᠠᠤᠯᠢ ᠲᠣᠭᠲᠠᠭᠠᠬᠤ ᠠᠵᠢᠯ ᠤᠨ ᠲᠥᠯᠥᠪᠯᠡᠭᠡ | ︵2025 ᠣᠨ ᠤ 2 ᠰᠠᠷ᠎ᠠ ᠶᠢᠨ 14 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠯᠥᠨ ᠪᠤᠶᠢᠷ ᠬᠤᠲᠠ ᠶᠢᠨ ᠠᠷᠠᠳ ᠤᠨ ᠵᠠᠰᠠᠭ ᠤᠨ | ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2025 ᠣᠨ ᠤ 2 ᠳ᠋ᠤᠭᠠᠷ ᠤᠳᠠᠭ᠎ᠠ ᠶᠢᠨ ᠬᠤᠷᠠᠯ ᠠᠴᠠ ᠬᠢᠨᠠᠨ ᠵᠥᠪᠯᠡᠪᠡ︔ 2025 ᠣᠨ ᠤ 2 | ᠰᠠᠷ᠎ᠠ ᠶᠢᠨ 28 ᠤ ᠡᠳᠦᠷ᠂ ᠲᠠᠪᠤᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠯᠥᠨ ᠪᠤᠶᠢᠷ ᠬᠤᠲᠠ ᠶᠢᠨ ᠬᠤᠷᠢᠶᠠᠨ ᠤ | ᠪᠠᠶᠢᠩᠭᠤ ᠶᠢᠨ ᠬᠤᠷᠢᠶᠠᠨ ᠤ 144 ᠳ᠋ᠤᠭᠡᠷ ᠬᠤᠷᠠᠯ ᠠᠴᠠ ᠬᠢᠨᠠᠨ ᠵᠦᠪᠯᠡᠵᠦ ᠪᠠᠲᠤᠯᠠᠪᠠ︶ | ᠨᠢᠭᠡ᠂ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠵᠦᠢᠯᠡᠰ | ︵ᠨᠢᠭᠡ︶ ᠬᠢᠨᠠᠨ ᠵᠥᠪᠯᠡᠬᠦ ᠵᠦᠢᠯᠡᠰ᠃ ︽ᠬᠥᠯᠥᠨ ᠪᠤᠶᠢᠷ ᠬᠤᠲᠠ ᠶᠢᠨ ᠴᠠᠬᠢᠯᠭᠠᠨ ᠱᠠᠲᠤ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ︾᠂ | ᠲᠤᠭᠤᠷᠪᠢᠬᠤ ᠨᠢᠭᠡᠴᠢ ᠨᠢ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠃ | ︵ᠬᠤᠶᠠᠷ︶ ᠵᠠᠰᠠᠪᠤᠷᠢ ᠣᠷᠣᠭᠤᠯᠬᠤ ᠵᠦᠢᠯᠡᠰ᠃ ︽ᠬᠥᠯᠥᠨ ᠪᠤᠶᠢᠷ ᠬᠤᠲᠠ ᠶᠢᠨ ᠬᠤᠲᠠ ᠪᠠᠯᠭᠠᠰᠤ ᠶᠢᠨ ᠤᠶᠢᠵᠢᠭᠤᠯᠤᠯᠳᠠ ᠶᠢᠨ ᠲᠦᠷᠢᠮ︾᠂ | ᠲᠤᠭᠤᠷᠪᠢᠬᠤ ᠨᠢᠭᠡᠴᠢ ᠨᠢ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠃ | ︵ᠭᠤᠷᠪᠠ︶ ᠪᠠᠶᠢᠴᠠᠭᠠᠨ ᠰᠤᠳᠤᠯᠬᠤ ᠵᠦᠢᠯᠡᠰ᠃ ︽ᠬᠥᠯᠥᠨ ᠪᠤᠶᠢᠷ ᠬᠤᠲᠠ ᠶᠢᠨ ᠡᠯᠡᠰᠦᠷᠬᠡᠭᠵᠢᠯ ᠢ ᠰᠡᠷᠭᠡᠶᠢᠯᠡᠨ ᠵᠠᠰᠠᠬᠤ ᠲᠦᠷᠢᠮ︾᠂ ᠲᠤᠭᠤᠷᠪᠢᠬᠤ | ᠨᠢᠭᠡᠴᠢ ᠨᠢ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠃ | ᠬᠤᠶᠠᠷ᠂ ᠵᠠᠰᠠᠭ ᠤᠨ ᠣᠷᠳᠣᠨ ᠤ ᠳᠦᠷᠢᠮ ᠲᠣᠭᠲᠠᠭᠠᠯ ᠤᠨ ᠲᠥᠷᠥᠯ ᠵᠦᠢᠯ ᠪᠠᠶᠢᠴᠠᠭᠠᠨ ᠰᠤᠳᠤᠯᠬᠤ ᠵᠦᠢᠯᠡᠰ ᠨᠢ ︽ᠬᠥᠯᠥᠨ ᠪᠤᠶᠢᠷ ᠬᠤᠲᠠ ᠶᠢᠨ ᠴᠠᠭ | ᠠᠭᠤᠷ ᠤᠨ ᠭᠠᠮᠰᠢᠭ ᠢ ᠰᠡᠷᠭᠡᠶᠢᠯᠡᠬᠦ ᠭᠤᠤᠯᠳᠠᠯᠭ᠎ᠠ ᠲᠠᠢ ᠨᠢᠭᠡᠴᠢ ᠶᠢᠨ ᠴᠠᠭ ᠠᠭᠤᠷ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠷᠭ᠎ᠠ︾ ᠪᠠᠶᠢᠵᠤ᠂ | ᠲᠤᠭᠤᠷᠪᠢᠬᠤ ᠨᠢᠭᠡᠴᠢ ᠨᠢ ᠬᠤᠲᠠ ᠶᠢᠨ ᠴᠠᠭ ᠠᠭᠤᠷ ᠤᠨ ᠲᠣᠪᠴᠢᠶ᠎ᠠ ᠪᠣᠯᠤᠨ᠎ᠠ᠃ | | | ︵ᠳᠡᠭᠡᠷ᠎ᠡ ᠳᠤᠷᠠᠳᠤᠭᠰᠠᠨ ᠬᠠᠤᠯᠢ ᠲᠣᠭᠲᠠᠭᠠᠬᠤ ᠵᠦᠢᠯᠡᠰ ᠤᠨ ᠨᠡᠷᠡᠶᠢᠳᠦᠯ ᠨᠢ ᠴᠥᠮ ᠲᠦᠷ ᠲᠣᠭᠲᠠᠭᠠᠭᠰᠠᠨ ᠨᠡᠷᠡᠶᠢᠳᠦᠯ ᠪᠣᠯᠤᠨ᠎ᠠ᠂ ᠬᠠᠤᠯᠢ | ᠲᠣᠭᠲᠠᠭᠠᠬᠤ ᠪᠣᠳᠠᠲᠤ ᠪᠠᠶᠢᠳᠠᠯ ᠪᠠ ︽ᠵᠢᠵᠢᠭ ᠬᠡᠷᠴᠢᠭᠡᠰᠦ︾ ᠶᠢᠨ ᠬᠠᠤᠯᠢ ᠲᠣᠭᠲᠠᠭᠠᠬᠤ ᠱᠠᠭᠠᠷᠳᠠᠯᠭ᠎ᠠ ᠶᠢ ᠦᠨᠳᠦᠰᠦᠯᠡᠨ ᠲᠣᠬᠢᠷᠠᠭᠤᠯᠤᠯᠲᠠ ᠬᠢᠵᠦ ᠪᠣᠯᠤᠨ᠎ᠠ︶ | |