— ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠᠷ ᠪᠦᠭᠦ ᠵᠢᠯ ᠤᠨ ᠬᠠᠷᠠᠯᠲᠠ ᠶᠢ ᠪᠡᠶᠡᠯᠡᠭᠦᠯᠬᠦ ᠲᠤᠬᠠᠢ ᠰᠢᠷᠢᠰ ᠰᠢᠭᠦᠮᠵᠢ ᠬᠤᠶᠠᠷ | ᠮᠠᠷᠺᠰ ᠤᠨ ᠦᠵᠡᠯ ᠤᠨ ᠦᠵᠡᠬᠦ ᠪᠠᠷ᠂ ᠬᠡᠷᠡᠭ ᠪᠣᠳᠠᠰ ᠪᠣᠯ ᠲᠦᠭᠡᠮᠡᠯ ᠬᠤᠯᠪᠤᠭ᠎ᠠ ᠲᠠᠢ ᠪᠠᠶᠢᠵᠤ᠂ ᠪᠤᠰᠤᠳᠴᠢ ᠬᠡᠷᠡᠭ ᠪᠣᠳᠠᠰ ᠤᠨ ᠳᠣᠲᠣᠭᠠᠳᠤ | ᠬᠤᠯᠪᠤᠭ᠎ᠠ ᠠᠴᠠ ᠠᠰᠠᠭᠤᠳᠠᠯ ᠢ ᠲᠠᠨᠢᠵᠤ᠂ ᠠᠰᠠᠭᠤᠳᠠᠯ ᠢ ᠰᠢᠢᠳᠪᠦᠷᠢᠯᠡᠵᠦ᠂ ᠨᠢᠭᠡᠳᠦᠯᠲᠡᠢ ᠲᠥᠯᠥᠪᠵᠢᠭᠦᠯᠦᠨ ᠨᠡᠶᠢᠳᠡ ᠳᠤᠨᠢ ᠬᠠᠷᠠᠭᠠᠯᠵᠠᠬᠤ ᠬᠡᠷᠡᠭᠲᠡᠢ᠃ ᠶᠡᠷᠦᠩᠬᠡᠢ | ᠱᠦᠵᠢ ᠰᠢ ᠶᠢᠨ ᠫᠢᠩ ᠤᠨ ᠴᠢᠬᠤᠯᠠᠴᠢᠯᠠᠭᠰᠠᠨ ︽ᠰᠢᠰᠲ᠋ᠧᠮ ᠤᠨ ᠦᠵᠡᠯᠲᠡ ᠶᠢ ᠪᠠᠷᠢᠮᠲᠠᠯᠠᠬᠤ︾ ᠭᠡᠳᠡᠭ ᠨᠢ ᠮᠥᠨ ᠴᠢᠨᠠᠷ ᠳᠡᠭᠡᠷ᠎ᠡ ᠪᠠᠨ ᠪᠢᠳᠡᠨ ᠢ ᠠᠵᠢᠯ | ᠬᠢᠬᠦ ᠳᠡᠭᠡᠨ ᠨᠢᠭᠡᠳᠦᠯᠲᠡᠢ ᠲᠥᠯᠥᠪᠵᠢᠭᠦᠯᠬᠦ ᠶᠢ ᠴᠢᠬᠤᠯᠠᠴᠢᠯᠠᠵᠤ᠂ ᠨᠢᠭᠡᠳᠦᠯᠲᠡᠢ ᠲᠥᠯᠥᠪᠵᠢᠭᠦᠯᠬᠦ ᠳᠡᠭᠡᠨ ᠴᠢᠳᠠᠮᠠᠭᠠᠢ ᠪᠠᠶᠢᠬᠤ ᠶᠢ ᠱᠠᠭᠠᠷᠳᠠᠵᠤ ᠪᠠᠶᠢᠨ᠎ᠠ᠃ | ᠣᠶᠢᠷ᠎ᠠ ᠶᠢᠨ ᠬᠡᠳᠦᠨ ᠵᠢᠯ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠮᠠᠰᠢ ᠣᠯᠠᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠳᠬᠤᠵᠤ᠂ | ᠣᠷᠣᠭᠤᠯᠤᠭᠰᠠᠨ ᠬᠦᠴᠦ ᠨᠢ ᠪᠠᠭ᠎ᠠ ᠣᠯᠣᠭᠰᠠᠨ ᠠᠮᠵᠢᠯᠲᠠ ᠨᠢ ᠶᠡᠭᠡ ᠪᠠᠶᠢᠨ᠎ᠠ᠃ ᠪᠦᠬᠦᠯᠢ ᠴᠣᠭᠴᠠ ᠶᠢᠨ ᠪᠠᠶᠢᠷᠢᠰᠢᠭᠤᠯᠤᠯᠲᠠ ᠶᠢᠨ ᠲᠠᠯ᠎ᠠ ᠪᠠᠷ᠂ ︽ᠨᠢᠭᠡ ᠭᠤᠣᠯ | ᠰᠢᠵᠢᠮ ᠢ ᠲᠤᠭᠤᠰᠢᠯᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠢᠨ᠎ᠡ ᠵᠠᠮ ᠨᠡᠭᠡᠭᠡᠵᠦ | ᠳᠤᠮᠳᠠ ᠲᠦᠪᠰᠢᠨ ᠳᠤ ᠣᠷᠣᠬᠤ︾ ᠶᠢ ᠨᠢᠭᠡᠳᠦᠯᠲᠡᠢ ᠲᠥᠯᠥᠪᠵᠢᠭᠦᠯᠬᠦ ᠶᠢᠨ ᠵᠡᠷᠭᠡ ᠪᠠᠷ ᠡᠨᠡ ᠬᠦ ᠶᠡᠷᠦᠩᠬᠡᠢ ᠱᠠᠭᠠᠷᠳᠠᠯᠭ᠎ᠠ ᠶᠢ ︽ᠲᠠᠪᠤᠨ ᠶᠡᠭᠡ ᠡᠭᠦᠷᠭᠡ︾᠂ ︽ | ᠵᠢᠷᠭᠤᠭᠠᠨ ᠢᠨᠵᠧᠨᠧᠷᠢᠩ︾᠂ ︽ᠵᠢᠷᠭᠤᠭᠠᠨ ᠠᠵᠢᠯᠯᠠᠭ᠎ᠠ︾ ᠲᠠᠢ ᠤᠶᠠᠯᠳᠤᠭᠤᠯᠵᠤ᠂ ᠲᠡᠮᠡᠴᠡᠬᠦ ᠬᠠᠷᠠᠯᠲᠠ ᠪᠣᠯᠣᠨ ᠪᠣᠳᠠᠲᠠᠢ ᠠᠷᠭ᠎ᠠ ᠬᠡᠮᠵᠢᠶ᠎ᠡ ᠶᠢ | ᠠᠭᠤᠰᠤᠯᠴᠠᠭᠤᠯᠤᠨ ᠨᠡᠪᠲᠡᠷᠡᠯᠴᠡᠭᠦᠯᠪᠡ᠃ ᠪᠣᠳᠠᠲᠠᠢ ᠠᠵᠢᠯ ᠤᠨ ᠳᠤᠮᠳᠠ᠂ ︽ᠠᠷᠪᠠᠨ ᠶᠡᠭᠡ ᠬᠢᠨᠠᠯᠲᠠ︾ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ︽ | ᠭᠤᠷᠪᠠᠨ ᠵᠦᠢᠯ ᠤᠨ ᠠᠵᠢᠯ︾ ᠢ ᠥᠷᠨᠢᠭᠦᠯᠦᠨ᠂ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠪᠠᠶᠢᠩᠭᠤ ᠶᠢᠨ ᠴᠢᠨᠠᠷᠲᠠᠢ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠬᠦ ᠶᠢ ᠠᠬᠢᠭᠤᠯᠵᠤ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠴᠠᠭᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ | ᠢᠨᠵᠧᠨᠧᠷᠢᠩ ᠢ ᠬᠡᠷᠡᠭᠵᠢᠭᠦᠯᠦᠨ᠂ ᠡᠯ᠎ᠡ ᠬᠦᠷᠢᠶᠡᠨ ᠳᠠᠬᠢ ᠡᠬᠢ ᠪᠠᠶᠠᠯᠢᠭ ᠢ ᠠᠷᠪᠢᠲᠠᠢ ᠡᠷᠴᠢᠮᠯᠢᠭ ᠠᠰᠢᠭᠯᠠᠬᠤ ᠶᠢ ᠴᠢᠩᠭᠠᠳᠬᠠᠪᠠ ᠁ ᠨᠢᠭᠡᠳᠦᠯᠲᠡᠢ | ᠲᠥᠯᠥᠪᠵᠢᠭᠦᠯᠦᠨ ᠬᠠᠮᠲᠤᠷᠠᠨ ᠬᠥᠳᠡᠯᠦᠯᠴᠡᠬᠦ ᠪᠠᠷ ᠠᠵᠢᠯ ᠤᠨ ᠪᠦᠬᠦᠯᠢ ᠴᠣᠭᠴᠠ ᠶᠢᠨ ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠪᠡ᠃ | ᠤᠳᠤ ᠪᠦᠭᠦ ᠣᠷᠣᠨ ᠤ ᠡᠯ᠎ᠡ ᠱᠠᠲᠤᠨ ᠤ ᠥᠭᠡᠷᠡᠴᠢᠯᠡᠯᠲᠡ ᠬᠥᠭᠵᠢᠯᠲᠡ ᠶᠢᠨ ᠡᠭᠦᠷᠭᠡ ᠪᠦᠷ ᠮᠠᠰᠢ ᠬᠦᠨᠳᠦ ᠪᠠᠶᠢᠨ᠎ᠠ᠂ ᠬᠡᠲᠦᠷᠬᠡᠢ ᠶᠠᠳᠠᠷᠠᠬᠤ ᠦᠭᠡᠢ ᠪᠠᠷ | ᠠᠵᠢᠯ ᠢᠶᠠᠨ ᠰᠠᠶᠢᠲᠤᠷ ᠬᠢᠬᠦ ᠭᠡᠪᠡᠯ ᠨᠡᠩ ᠴᠤ ᠨᠢᠭᠡᠳᠦᠯᠲᠡᠢ ᠲᠥᠯᠥᠪᠵᠢᠭᠦᠯᠬᠦ ᠴᠢᠬᠤᠯᠠᠲᠠᠢ᠃ ᠡᠭᠦᠷᠭᠡ ᠶᠢᠨ ᠲᠠᠯ᠎ᠠ ᠪᠠᠷ᠂ ᠰᠢᠨᠵᠢ ᠴᠢᠨᠠᠷ ᠠᠳᠠᠯᠢᠪᠲᠤᠷ ᠠᠵᠢᠯ ᠳᠤ | ︽ᠠᠳᠠᠯᠢ ᠲᠥᠷᠥᠯ ᠵᠦᠢᠯ ᠢ ᠨᠡᠶᠢᠯᠡᠭᠦᠯᠬᠦ︾ ᠶᠢ ᠰᠤᠷᠴᠤ᠂ ᠬᠤᠯᠪᠣᠭᠳᠠᠬᠤ ᠴᠢᠨᠠᠷ ᠢᠶᠠᠷ ᠴᠢᠩᠭ᠎ᠠ ᠠᠵᠢᠯ ᠳᠤ ︽ᠰᠦᠪᠡᠭᠴᠢ ᠪᠠᠷ ᠨᠢ ᠰᠦᠪᠡᠯᠡᠵᠦ ᠮᠥᠷ ᠢᠶᠠᠷ ᠨᠢ | ᠮᠥᠷᠳᠡᠬᠦ︾ ᠳᠡᠭᠡᠨ ᠴᠢᠳᠠᠮᠠᠭᠠᠢ ᠪᠠᠶᠢᠵᠤ᠂ ᠬᠠᠷᠢᠯᠴᠠᠨ ᠠᠪᠴᠠᠯᠳᠤᠭᠰᠠᠨ ᠠᠵᠢᠯ ᠳᠤ ︽ᠡᠬᠢᠨ︾ ᠠᠴᠠ ᠨᠢ ︽ᠰᠡᠭᠦᠯ︾ ᠭᠦᠷᠲᠡᠯ᠎ᠡ ᠪᠦᠭᠦ ᠶᠠᠪᠤᠴᠠ ᠶᠢᠨ | ᠬᠠᠮᠢᠶᠠᠷᠤᠯᠲᠠ ᠶᠢ ᠰᠠᠶᠢᠲᠤᠷ ᠠᠳᠬᠤᠬᠤ ᠶᠢ ᠴᠢᠬᠤᠯᠠᠴᠢᠯᠠᠬᠤ ᠬᠡᠷᠡᠭᠲᠡᠢ᠃ ᠬᠦᠴᠦᠨ ᠤ ᠲᠠᠯ᠎ᠠ ᠪᠠᠷ᠂ ︽ᠬᠠᠮᠲᠤᠷᠠᠯ ᠬᠦᠴᠦᠨ ᠢ ᠪᠦᠷᠢᠯᠳᠦᠭᠦᠯᠵᠦ︾᠂ ᠲᠠᠷᠠᠬᠠᠢ | ᠪᠤᠲᠠᠷᠬᠠᠢ ᠡᠬᠢ ᠪᠠᠶᠠᠯᠢᠭ ᠢ ᠨᠡᠶᠢᠳᠬᠡᠵᠦ᠂ ᠠᠯᠢ ᠭᠤᠭᠴᠤᠭ᠎ᠠ ᠶᠢ ᠬᠡᠨ ᠠᠳᠬᠤᠬᠤ ᠴᠢᠬᠤᠯᠠᠲᠠᠢ ᠪᠣᠯ ᠲᠡᠷᠡ ᠳᠠᠷᠤᠢ ᠲᠤᠭᠤᠰᠢᠲᠠᠢ ᠬᠠᠷᠢᠭᠤᠴᠠᠵᠤ᠂ ᠠᠯᠢ | ᠭᠤᠭᠴᠤᠭ᠎ᠠ ᠳᠤ ᠬᠠᠮᠲᠤ ᠪᠠᠷ ᠠᠵᠢᠯᠯᠠᠬᠤ ᠴᠢᠬᠤᠯᠠᠲᠠᠢ ᠪᠣᠯ ᠬᠦᠴᠦ ᠪᠠᠨ ᠬᠠᠮᠲᠤᠳᠬᠠᠨ ᠬᠦᠴᠢᠷ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ ᠴᠠᠭ ᠤᠨ | ᠳᠠᠷᠠᠭᠠᠯᠠᠯ ᠤᠨ ᠲᠠᠯ᠎ᠠ ᠪᠠᠷ᠂ ᠤᠷᠢᠳ ᠢᠶᠠᠷ ᠶᠠᠭᠤ ᠬᠢᠬᠦ᠂ ᠲᠠᠷᠠᠭ᠎ᠠ ᠳᠤᠨᠢ ᠶᠠᠭᠤ ᠬᠢᠬᠦ ᠶᠢ ᠰᠤᠳᠤᠯᠤᠨ ᠣᠶᠢᠯᠠᠭᠠᠵᠤ᠂ ᠲᠣᠭᠲᠠᠮᠠᠭᠴᠠ ᠳᠠᠷᠤᠢ ᠲᠦᠷᠭᠡᠨ ᠬᠢᠵᠦ᠂ | ᠴᠠᠭ ᠨᠢ ᠲᠤᠯᠤᠭᠰᠠᠨ ᠪᠠᠶᠢᠲᠠᠯ᠎ᠠ ᠰᠢᠯᠭᠠᠯᠲᠠ ᠪᠠᠨ ᠲᠤᠰᠢᠶᠠᠵᠤ ᠳᠠᠶᠢᠯᠭᠦ ᠦᠭᠡᠢ ᠪᠠᠶᠢᠬᠤ ᠠᠴᠠ ᠰᠡᠷᠭᠡᠶᠢᠯᠡᠬᠦ ᠬᠡᠷᠡᠭᠲᠡᠢ᠃ | ︽ᠮᠣᠷᠢᠲᠤ ᠴᠡᠷᠢᠭ ᠤᠨ ᠨᠢᠭᠡ ᠰᠤᠮᠤᠨ ᠤ ᠳᠣᠪᠲᠣᠯᠬᠤ ᠬᠦᠴᠦᠨ ᠨᠢ ᠲᠠᠩ ᠭᠠᠭᠴᠠ ᠮᠣᠷᠢᠲᠤ ᠴᠡᠷᠢᠭ ᠤᠨ ᠬᠦᠴᠦᠨ ᠤ ᠨᠡᠶᠢᠯᠡᠪᠦᠷᠢ ᠠᠴᠠ ᠬᠤᠯᠠ ᠶᠡᠭᠡ | ᠪᠠᠶᠢᠳᠠᠭ︾᠃ ᠴᠢᠳᠠᠮᠠᠭᠠᠢ ᠪᠠᠷ ᠨᠢᠭᠡᠳᠦᠯᠲᠡᠢ ᠲᠥᠯᠥᠪᠵᠢᠭᠦᠯᠦᠨ᠂ ᠪᠤᠳᠤᠯᠢᠶᠠᠨᠲᠠᠢ ᠠᠵᠢᠯ ᠢ ᠡᠮᠬᠢ ᠴᠡᠭᠴᠡᠲᠡᠢ ᠰᠠᠶᠢᠲᠤᠷ ᠬᠢᠪᠡᠯ ᠪᠢᠳᠡ ᠳᠠᠷᠤᠢ ᠠᠵᠢᠯ ᠤᠨ | ᠰᠠᠨᠠᠭᠠᠴᠢᠯᠠᠭᠠᠲᠤ ᠡᠷᠬᠡ ᠶᠢ ᠡᠵᠡᠮᠰᠢᠵᠦ᠂ ︽ᠰᠢᠪᠲᠤᠯᠤᠯᠲᠠ︾ ᠪᠠ ︽ᠤᠷᠤᠭᠰᠢᠯᠠᠯᠲᠠ︾ ᠶᠢᠨ ᠲᠠᠯ᠎ᠠ ᠪᠠᠷ ᠨᠡᠩ ᠶᠡᠭᠡ ᠠᠯᠬᠤᠮ ᠢ ᠠᠯᠬᠤᠬᠤ ᠪᠣᠯᠣᠨ᠎ᠠ᠃ | |