ᠣᠷᠣᠨ ᠪᠦᠰᠡ ᠠᠯᠤᠰᠯᠠᠭᠰᠠᠨ ᠬᠠᠮᠲᠤᠷᠠᠯᠴᠠᠭ᠎ᠠ ᠶᠢ ᠥᠷᠨᠢᠭᠦᠯᠵᠦ᠂ ᠨᠢᠩᠰᠢᠶᠠ ᠵᠡᠷᠭᠡ ᠭᠠᠵᠠᠷ ᠤᠨ ᠲᠣᠮᠣ ᠬᠡᠯᠪᠡᠷᠢ ᠶᠢᠨ ᠡᠮᠨᠡᠯᠭᠡ ᠶᠢᠨ | ᠬᠤᠷᠢᠶ᠎ᠠ ᠨᠤᠭᠤᠳ ᠲᠠᠢ ᠬᠠᠮᠵᠢᠯᠴᠠᠭ᠎ᠠ ᠪᠠᠨ ᠭᠦᠨᠵᠡᠭᠡᠶᠢᠷᠡᠭᠦᠯᠦᠨ᠂ ᠯᠠᠨᠵᠧᠦ᠂ ᠹᠦᠵᠸᠤ᠂ ᠪᠡᠭᠡᠵᠢᠩ ᠤᠨ ᠳ᠋ᠠ ᠰᠢᠩ ᠲᠣᠭᠤᠷᠢᠭ ᠵᠢᠴᠢ ᠱᠠᠩᠬᠠᠢ ᠵᠡᠷᠭᠡ ᠭᠠᠵᠠᠷ ᠤᠨ | ᠡᠮᠴᠢᠯᠡᠭᠡᠨ ᠤ ᠪᠠᠶᠢᠭᠤᠯᠤᠮᠵᠢ ᠨᠤᠭᠤᠳ ᠯᠤᠭ᠎ᠠ ᠨᠢᠭᠲᠠ ᠬᠠᠷᠢᠯᠴᠠᠭ᠎ᠠ ᠪᠠᠶᠢᠭᠤᠯᠪᠠ᠃ ᠣᠳᠣᠬᠠᠨ ᠪᠣᠯᠲᠠᠯ᠎ᠠ᠂ ᠪᠥᠬᠦ ᠠᠶᠢᠮᠠᠭ ᠤᠨ ᠬᠤᠶᠠᠳᠤᠭᠠᠷ ᠳᠡᠰ ᠠᠴᠠ | ᠳᠡᠭᠡᠭᠰᠢᠬᠢ ᠡᠮᠴᠢᠯᠡᠭᠡᠨ ᠤ ᠪᠠᠶᠢᠭᠤᠯᠤᠮᠵᠢ ᠨᠤᠭᠤᠳ ᠨᠢᠭᠡᠨᠲᠡ ᠣᠷᠣᠨ ᠤ ᠳᠣᠲᠣᠷ᠎ᠠ ᠭᠠᠳᠠᠨᠠᠬᠢ ᠭᠤᠷᠪᠠᠳᠤᠭᠠᠷ ᠳᠡᠰ ᠤᠨ 31 ᠡᠮᠨᠡᠯᠭᠡ ᠶᠢᠨ ᠬᠤᠷᠢᠶ᠎ᠠ ᠯᠤᠭ᠎ᠠ | ᠲᠤᠬᠠᠶᠢᠯᠠᠭᠰᠠᠨ ᠠᠵᠢᠯ ᠤᠨ ᠬᠠᠷᠢᠯᠴᠠᠭ᠎ᠠ ᠪᠠᠶᠢᠭᠤᠯᠵᠤ᠂ ᠡᠮᠨᠡᠯᠭᠡ ᠶᠢᠨ ᠬᠤᠷᠢᠶᠠᠨ ᠤ ᠬᠤᠭᠤᠷᠣᠨᠳᠣᠬᠢ ᠬᠠᠮᠲᠤᠷᠠᠯᠴᠠᠭᠠᠨ ᠤ ᠵᠥᠪᠯᠡᠯᠴᠡᠭᠡᠷ ᠢ 29 ᠬᠤᠪᠢ | ᠲᠣᠭᠲᠠᠵᠤ᠂ 147 ᠨᠡᠷ᠎ᠡ ᠡᠷᠬᠡ ᠰᠦᠷᠲᠦ ᠲᠤᠰᠬᠠᠶ ᠮᠡᠷᠭᠡᠵᠢᠯᠲᠡᠨ ᠢ ᠣᠨᠴᠠᠭᠠᠶᠢᠯᠠᠨ ᠤᠷᠢᠭᠠᠳ ᠪᠠᠶᠢᠨ᠎ᠠ᠂ ᠴᠢᠰᠤᠨ ᠰᠤᠳᠠᠯ ᠤᠨ ᠭᠠᠳᠠᠷ ᠰᠠᠯᠠᠭ᠎ᠠ᠂ | ᠰᠢᠩᠭᠡᠭᠡᠯᠲᠡ ᠶᠢᠨ ᠳᠣᠲᠣᠷ ᠰᠠᠯᠠᠭ᠎ᠠ᠂ ᠬᠥᠩᠭᠡᠵᠢᠭᠦᠯᠬᠦ ᠰᠠᠯᠠᠭᠠᠨ ᠤ ᠲᠤᠰᠬᠠᠶ ᠮᠡᠷᠭᠡᠵᠢᠯᠲᠡᠨ ᠤ ᠪᠦᠯᠬᠦᠮ ᠤᠨ ᠠᠵᠢᠯ ᠤᠨ ᠥᠷᠲᠡᠭᠡ ᠶᠢ 3᠂ ᠪᠥᠬᠦ ᠤᠯᠤᠰ ᠤᠨ | ᠨᠠᠷᠠᠲᠤ ᠮᠣᠩᠭᠤᠯ ᠡᠮᠴᠢ ᠶᠢᠨ ᠠᠵᠢᠯ ᠤᠨ ᠲᠠᠰᠤᠭ ᠢ 4 ᠪᠠᠶᠢᠭᠤᠯᠵᠤ᠂ 14 ᠨᠡᠷ᠎ᠡ ᠤᠯᠠᠮᠵᠢᠯᠠᠭᠴᠢ ᠶᠢ ᠭᠥᠯᠢᠶᠡᠨ ᠠᠪᠤᠪᠠ᠃ ᠬᠤᠷᠰᠢᠭᠰᠠᠨ ᠡᠮᠨᠡᠯᠭᠡ ᠶᠢᠨ | ᠬᠤᠷᠢᠶᠠᠨ ᠤ ᠲᠤᠰᠬᠠᠶ ᠮᠡᠷᠭᠡᠵᠢᠯᠲᠡᠳ ᠲᠣᠭᠲᠠᠮᠠᠯ ᠬᠤᠭᠤᠴᠠᠭ᠎ᠠ ᠲᠠᠢ ᠪᠠᠷ ᠡᠯ᠎ᠡ ᠡᠮᠴᠢᠯᠡᠭᠡᠨ ᠤ ᠪᠠᠶᠢᠭᠤᠯᠤᠮᠵᠢ ᠳᠤ ᠬᠦᠷᠴᠦ ᠡᠮᠴᠢᠯᠡᠭᠡ ᠬᠢᠵᠦ᠂ ᠪᠢᠴᠢᠯ ᠰᠦᠪᠡᠲᠦ | ᠡᠮᠨᠡᠨ ᠵᠠᠰᠠᠬᠤ ᠠᠵᠢᠯ ᠢ 299 ᠬᠥᠮᠦᠨ ᠤᠳᠠᠭ᠎ᠠ ᠪᠠ ᠮᠡᠰᠡ ᠵᠠᠰᠠᠯ ᠬᠢᠵᠦ ᠣᠨᠣᠰᠢᠯᠠᠨ ᠡᠮᠨᠡᠬᠦ ᠠᠵᠢᠯ ᠢ 794 ᠤᠳᠠᠭ᠎ᠠ ᠥᠷᠨᠢᠭᠦᠯᠵᠦ᠂ 261 ᠵᠢᠱᠢᠶ᠎ᠡ ᠬᠦᠴᠢᠷ | ᠲᠦᠪᠡᠭᠲᠡᠶ ᠡᠪᠡᠳᠴᠢᠨ ᠢ ᠠᠮᠵᠢᠯᠲᠠ ᠲᠠᠢ ᠰᠢᠢᠳᠪᠦᠷᠢᠯᠡᠪᠡ᠃ ︵ᠠᠯᠠᠱᠠ ᠠᠶᠢᠮᠠᠭ ᠤᠨ ᠵᠠᠬᠢᠷᠭ᠎ᠠ︶ | |