ᠦ᠋ ᠰᠢᠤᠸᠠᠢ ᠶᠦᠩ ᠪᠦᠯᠬᠦᠮ ᠳᠠᠭᠠᠭᠤᠯᠤᠨ ᠵᠢᠶᠠᠩᠰᠤ ᠶᠢᠨ ᠯᠢᠶᠠᠨ ᠶᠦᠨ ᠭᠠᠩ᠂ ᠬᠠᠷᠠᠮᠥ᠋ᠷᠡᠨ ᠤ ᠬᠠᠷᠪᠢᠨ ᠵᠡᠷᠭᠡ ᠭᠠᠵᠠᠷ ᠲᠤ ᠬᠦᠷᠴᠦ ᠬᠤᠳᠠᠯᠳᠤᠭᠠᠴᠢᠨ ᠤᠷᠢᠬᠤ ᠰᠢᠨᠵᠢᠯᠡᠨ ᠪᠠᠶᠢᠴᠠᠭᠠᠯᠲᠠ ᠬᠢᠪᠡ
ᠨᠡᠶᠢᠲᠡᠯᠡᠭᠰᠡᠨ ᠴᠠᠭ᠄
2025/3/21
      3 ᠰᠠᠷ᠎ᠠ ᠶᠢᠨ 18 ᠤ ᠡᠳᠦᠷ ᠠᠴᠠ 20 ᠤ ᠡᠳᠦᠷ ᠪᠣᠯᠲᠠᠯ᠎ᠠ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠦ᠋ ᠰᠢᠤᠸᠠᠢ ᠶᠦᠩ ᠪᠦᠯᠬᠦᠮ ᠳᠠᠭᠠᠭᠤᠯᠤᠨ ᠵᠢᠶᠠᠩᠰᠤ ᠶᠢᠨ ᠴᠢᠩ ᠸᠠ ᠢᠳᠡᠭᠡᠨ ᠤ ᠪᠦᠯᠦᠭᠯᠡᠯ ᠤᠨ ᠬᠢᠵᠠᠭᠠᠷᠲᠤ ᠺᠣᠮᠫᠠᠨᠢ᠂ ᠯᠢᠶᠠᠨ ᠶᠦᠨ ᠭᠠᠩ ᠭᠠᠷᠠᠮ ᠤᠨ ᠬᠤᠪᠢ ᠡᠵᠡᠮᠳᠡᠬᠦ ᠪᠦᠯᠦᠭᠯᠡᠯ ᠤᠨ ᠬᠢᠵᠠᠭᠠᠷᠲᠤ ᠺᠣᠮᠫᠠᠨᠢ ᠪᠣᠯᠣᠨ ᠬᠠᠷᠪᠢᠨ ᠤ ᠵᠢᠶᠦ᠋ᠨ ᠲᠠᠢ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠬᠦᠷᠴᠦ ᠬᠤᠳᠠᠯᠳᠤᠭᠠᠴᠢᠨ ᠤᠷᠢᠬᠤ ᠰᠢᠨᠵᠢᠯᠡᠨ ᠪᠠᠶᠢᠴᠠᠭᠠᠯᠲᠠ ᠥᠷᠨᠢᠭᠦᠯᠪᠡ᠃
20250321-1.jpg
       ᠵᠢᠶᠠᠩᠰᠤ ᠶᠢᠨ ᠴᠢᠩ ᠸᠠ ᠢᠳᠡᠭᠡᠨ ᠤ ᠪᠦᠯᠦᠭᠯᠡᠯ ᠤᠨ ᠬᠢᠵᠠᠭᠠᠷᠲᠤ ᠺᠣᠮᠫᠠᠨᠢ ᠳᠤ᠂ ᠦ᠋ ᠰᠢᠤᠸᠠᠢ ᠶᠦᠩ ᠨᠠᠷ ᠵᠢᠶᠠᠩᠰᠤ ᠶᠢᠨ ᠴᠢᠩ ᠸᠠ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠪᠦᠦ ᠵᠢᠶᠠ ᠱᠠᠨ ᠵᠢᠴᠢ ᠠᠵᠤ ᠠᠬᠤᠶᠢᠯᠠᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠢ ᠰᠠᠭᠤᠳᠠᠯ ᠤᠨ ᠬᠤᠷᠠᠯ ᠬᠢᠪᠡ᠃ ᠬᠤᠶᠠᠷ ᠲᠠᠯ᠎ᠠ ᠪᠠᠷ ᠢᠶᠠᠨ ᠡᠪᠦᠳᠦᠭ ᠪᠣᠭᠤᠮᠲᠠ ᠶᠢᠨ ᠭᠠᠶᠢᠯᠢ ᠪᠠᠲᠤᠯᠠᠬᠤ ᠬᠥᠮᠥᠷᠭᠡ᠂ ᠬᠢᠲᠠᠳ ᠡᠪᠡᠰᠦᠨ ᠡᠮ ᠢ ᠬᠢᠯᠢ ᠪᠠᠷ ᠣᠷᠣᠭᠤᠯᠬᠤ ᠵᠢᠭᠠᠨ ᠲᠣᠭᠲᠠᠭᠠᠭᠰᠠᠨ ᠬᠢᠨᠠᠨ ᠬᠠᠮᠢᠶᠠᠷᠬᠤ ᠲᠠᠯᠠᠪᠤᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠵᠢᠴᠢ ᠮᠣᠩᠭᠤᠯ ᠤᠯᠤᠰ ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ ᠵᠡᠷᠭᠡ ᠲᠠᠯ᠎ᠠ ᠶᠢᠨ ᠬᠠᠮᠲᠤᠷᠠᠯᠴᠠᠭᠠᠨ ᠤ ᠰᠠᠨᠠᠮᠵᠢ ᠶᠢᠨ ᠲᠣᠭᠤᠷᠢᠨ ᠳᠤ ᠰᠠᠨᠠᠯ ᠢᠶᠠᠨ ᠭᠦᠨᠵᠡᠭᠡᠢ ᠰᠣᠯᠢᠯᠴᠠᠪᠠ᠃ ᠬᠤᠶᠠᠷ ᠲᠠᠯ᠎ᠠ ᠪᠠᠷ ᠢᠶᠠᠨ ᠡᠪᠦᠳᠦᠭ ᠬᠢᠯᠢ ᠶᠢᠨ ᠪᠣᠭᠤᠮᠲᠠ ᠶᠢᠨ ᠭᠠᠶᠢᠯᠢ ᠪᠠᠲᠤᠯᠠᠬᠤ ᠬᠥᠮᠥᠷᠭᠡ ᠶᠢᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠨ ᠠᠬᠢᠭᠤᠯᠬᠤ  ᠶᠢᠨ ᠬᠠᠮᠲᠤ ᠬᠢᠲᠠᠳ ᠡᠪᠡᠰᠦᠨ ᠡᠮ ᠢ ᠬᠢᠯᠢ ᠪᠠᠷ ᠣᠷᠣᠭᠤᠯᠬᠤ ᠳᠤ ᠵᠢᠭᠠᠨ ᠲᠣᠭᠲᠠᠭᠠᠭᠰᠠᠨ ᠬᠢᠨᠠᠨ ᠬᠠᠮᠢᠶᠠᠷᠬᠤ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠬᠠᠮᠲᠤ ᠪᠠᠷ ᠰᠦᠪᠡᠭᠴᠢᠯᠡᠨ ᠠᠬᠢᠭᠤᠯᠵᠤ᠂ ᠬᠢᠲᠠᠳ ᠡᠪᠡᠰᠦᠨ ᠡᠮ ᠲᠠᠷᠢᠬᠤ᠂ ᠬᠢᠯᠢ ᠪᠠᠷ ᠣᠷᠣᠭᠤᠯᠬᠤ ᠠᠷᠠᠯᠵᠢᠶ᠎ᠠ ᠪᠣᠯᠣᠨ ᠡᠳ᠋ᠰᠢᠭᠦᠯᠬᠦ ᠠᠵᠤ ᠦᠢᠯᠡᠰ ᠢ ᠬᠥᠭᠵᠢᠭᠦᠯᠬᠦ ᠲᠠᠯ᠎ᠠ ᠪᠠᠷ ᠬᠠᠮᠲᠤ ᠶᠢᠨ ᠲᠠᠨᠢᠯᠲᠠ ᠲᠠᠢ ᠪᠣᠯᠪᠠ᠃
20250321-2.jpg
       ᠡᠨᠡ ᠬᠤᠭᠤᠴᠠᠭᠠᠨ ᠳᠤ᠂ ᠦ᠋ ᠰᠢᠤᠸᠠᠢ ᠶᠦᠩ ᠨᠠᠷ ᠪᠠᠰᠠ ᠵᠢᠶᠠᠩᠰᠤ ᠶᠢᠨ ᠺᠠᠩ ᠶᠤᠸᠠᠨ ᠡᠮ ᠤᠨ ᠦᠢᠯᠡᠰ ᠤᠨ ᠪᠦᠯᠦᠭᠯᠡᠯ ᠤᠨ ᠤᠳᠤ ᠦᠶ᠎ᠡ ᠶᠢᠨ ᠬᠢᠲᠠᠳ ᠡᠮ ᠤᠨ ᠰᠤᠳᠤᠯᠭᠠᠨ ᠤ ᠬᠦᠷᠢᠶᠡᠯᠡᠩ᠂ ᠬᠢᠲᠠᠳ ᠡᠮ ᠤᠨ ᠣᠶᠤᠨᠴᠢ ᠦᠢᠯᠡᠳᠬᠦ ᠦᠢᠯᠡᠳᠪᠦᠷᠢᠯᠡᠯ ᠤᠨ ᠲᠠᠰᠤᠭ ᠲᠤ ᠬᠦᠷᠴᠦ᠂ ᠤᠳᠤ ᠦᠶ᠎ᠡ ᠶᠢᠨ ᠬᠢᠲᠠᠳ ᠡᠮ ᠤᠨ ᠰᠤᠳᠤᠯᠭᠠᠨ ᠤ ᠦᠢᠯᠡᠰ᠂ ᠦᠢᠯᠡᠳᠪᠦᠷᠢᠯᠡᠯ᠂ ᠪᠣᠷᠤᠯᠠᠭᠤᠯᠭ᠎ᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠪᠠ᠃       ᠯᠢᠶᠠᠨ ᠶᠦᠨ ᠭᠠᠩ ᠭᠠᠷᠠᠮ ᠤᠨ ᠬᠤᠪᠢ ᠡᠵᠡᠮᠳᠡᠬᠦ ᠪᠦᠯᠦᠭᠯᠡᠯ ᠤᠨ ᠬᠢᠵᠠᠭᠠᠷᠲᠤ ᠺᠣᠮᠫᠠᠨᠢ ᠳᠤ᠂ ᠦ᠋ ᠰᠢᠤᠸᠠᠢ ᠶᠦᠩ ᠨᠠᠷ ᠯᠢᠶᠠᠨ ᠶᠦᠨ ᠭᠠᠩ ᠭᠠᠷᠠᠮ ᠤᠨ ᠲᠣᠭᠤᠷᠢᠭ ᠪᠣᠯᠣᠨ ᠳᠤᠮᠳᠠᠳᠤ ᠺᠠᠽᠠᠭᠰᠲ᠋ᠠᠨ︵ᠯᠢᠶᠠᠨ ᠶᠦᠨ ᠭᠠᠩ ᠭᠠᠷᠠᠮ︶ ᠤ ᠪᠠᠷᠠᠭᠠᠨ ᠤ ᠭᠦᠢᠯᠭᠡᠭᠡᠨ ᠤ ᠬᠠᠮᠲᠤᠷᠠᠯᠴᠠᠭᠠᠨ ᠤ ᠰᠠᠭᠤᠷᠢᠨ ᠢ ᠲᠤᠬᠠᠢ ᠶᠢᠨ ᠭᠠᠵᠠᠷ  ᠲᠤᠨᠢ ᠰᠢᠨᠵᠢᠯᠡᠨ ᠪᠠᠶᠢᠴᠠᠭᠠᠪᠠ᠃ ᠳᠠᠷᠠᠭ᠎ᠠ ᠨᠢ᠂ ᠯᠢᠶᠠᠨ ᠶᠦᠨ ᠭᠠᠩ ᠬᠤᠳᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠪᠣᠯᠣᠨ ᠭᠠᠷᠠᠮ ᠤᠨ ᠬᠤᠪᠢ ᠡᠵᠡᠮᠳᠡᠬᠦ ᠪᠦᠯᠦᠭᠯᠡᠯ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠲᠠᠢ ᠶᠠᠷᠢᠯᠴᠠᠵᠤ᠂ ᠭᠠᠷᠠᠮ ᠤᠨ ᠬᠤᠪᠢ ᠡᠵᠡᠮᠳᠡᠬᠦ ᠪᠦᠯᠦᠭᠯᠡᠯ ᠤᠨ ᠲᠡᠦᠬᠡ ᠶᠢᠨ ᠬᠤᠪᠢᠰᠤᠯᠲᠠ᠂ ᠪᠠᠶᠢᠭᠤᠯᠤᠮᠵᠢ ᠶᠢᠨ ᠲᠣᠬᠢᠷᠠᠭᠤᠯᠤᠯᠲᠠ᠂ ᠠᠵᠢᠯᠯᠠᠭᠠᠨ ᠤ ᠬᠠᠮᠢᠶᠠᠷᠤᠯᠲᠠ ᠶᠢᠨ ᠵᠠᠭᠪᠤᠷ ᠵᠢᠴᠢ ᠲᠤᠬᠠᠶᠢᠯᠠᠭᠰᠠᠨ ᠠᠵᠢᠯ ᠤᠨ ᠬᠡᠪᠴᠢᠶ᠎ᠡ ᠶᠢ ᠨᠠᠷᠢᠨ ᠣᠶᠢᠯᠠᠭᠠᠪᠠ᠃ ᠬᠤᠶᠠᠷ ᠲᠠᠯ᠎ᠠ ᠪᠠᠷ ᠢᠶᠠᠨ ᠪᠠᠰᠠ ᠣᠷᠣᠨ ᠪᠦᠰᠡ ᠶᠢᠨ ᠬᠠᠮᠲᠤᠷᠠᠯᠴᠠᠭᠠᠨ ᠤ ᠬᠠᠮᠲᠤᠷᠠᠯᠴᠠᠭᠠᠨ ᠤ ᠴᠡᠭ ᠢ ᠡᠷᠢᠯᠬᠢᠯᠡᠬᠦ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠨ ᠬᠠᠮᠲᠤ ᠶᠢᠨ ᠲᠠᠨᠢᠯᠲᠠ ᠲᠠᠢ ᠪᠣᠯᠵᠤ᠂ ᠨᠡᠪᠲᠡᠷᠡᠯᠴᠡᠭᠡ ᠪᠠᠨ ᠤᠯᠠᠮ ᠴᠢᠩᠭᠠᠳᠬᠠᠵᠤ᠂ ᠣᠷᠣᠨ ᠪᠦᠰᠡ ᠶᠢᠨ ᠬᠠᠮᠲᠤᠷᠠᠯᠴᠠᠭᠠᠨ ᠤ ᠵᠠᠭᠪᠤᠷ ᠢ ᠭᠦᠨᠵᠡᠭᠡᠶᠢᠷᠡᠭᠦᠯᠬᠦ ᠶᠢ ᠬᠠᠮᠲᠤᠪᠠᠷ ᠰᠦᠪᠡᠭᠴᠢᠯᠡᠵᠦ᠂ ᠬᠥᠭᠵᠢᠯᠲᠡ ᠶᠢᠨ ᠰᠢᠨ᠎ᠡ ᠣᠷᠣᠨ ᠵᠠᠢ ᠶᠢ ᠥᠷᠭᠡᠳᠬᠡᠬᠦ ᠪᠣᠯᠣᠨ᠎ᠠ᠃       ᠬᠠᠷᠪᠢᠨ ᠤ ᠵᠢᠶᠦ᠋ᠨ ᠲᠠᠢ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠺᠣᠮᠫᠠᠨᠢ ᠳᠤ᠂ ᠦ᠋ ᠰᠢᠤᠸᠠᠢ ᠶᠦᠩ ᠨᠠᠷ ᠵᠢᠶᠦ᠋ᠨ ᠲᠠᠢ ᠪᠡᠶ᠎ᠡ ᠶᠢᠨ ᠭᠠᠳᠠᠨᠠᠬᠢ ᠭᠦᠵᠡᠭᠡᠨ ᠤ ᠦᠢᠯᠡᠳᠪᠦᠷᠢ ᠶᠢᠨ ᠮᠡᠷᠭᠡᠵᠢᠯ ᠤᠨ ᠰᠤᠳᠤᠯᠤᠨ ᠨᠡᠭᠡᠭᠡᠯᠲᠡ ᠵᠢᠴᠢ ᠲᠡᠭᠦᠨ ᠤ ᠮᠠᠯ ᠠᠵᠤ ᠠᠬᠤᠢ ᠶᠢᠨ ᠲᠡᠵᠢᠭᠡᠨ ᠦᠷᠡᠵᠢᠭᠦᠯᠬᠦ ᠳᠤᠮᠳᠠᠬᠢ ᠬᠡᠷᠡᠭᠯᠡᠭᠡᠨ ᠤ ᠪᠠᠶᠢᠳᠠᠯ ᠢ ᠲᠤᠬᠠᠢ ᠶᠢᠨ ᠭᠠᠵᠠᠷ ᠲᠤᠨᠢ ᠣᠶᠢᠯᠠᠭᠠᠭᠰᠠᠨ ᠪᠥᠭᠡᠳ ᠵᠢᠶᠦ᠋ᠨ ᠲᠠᠢ ᠰᠢᠨᠵᠢᠯᠡᠬᠦ ᠤᠬᠠᠭᠠᠨ ᠮᠡᠷᠭᠡᠵᠢᠯ᠂ ᠶᠢᠨ ᠱᠥᠸᠧ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ᠂ ᠵᠢᠤᠹᠦ᠋ ᠮᠠᠯ ᠠᠵᠤ ᠠᠬᠤᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠢ ᠶᠠᠷᠢᠯᠴᠠᠬᠤ ᠬᠤᠷᠠᠯ ᠬᠢᠵᠡᠢ᠃ ᠵᠠᠰᠠᠭ ᠠᠵᠤ ᠠᠬᠤᠶᠢᠯᠠᠯ ᠬᠤᠶᠠᠷ ᠲᠠᠯ᠎ᠠ ᠪᠠᠷ ᠢᠶᠠᠨ ᠴᠠᠭᠠᠨ ᠪᠠᠯᠭᠠᠰᠤᠨ ᠤ ᠰᠦ ᠶᠢᠨ ᠢᠷᠡᠯᠲᠡ ᠶᠢᠨ ᠰᠠᠭᠤᠷᠢᠨ ᠭᠠᠵᠠᠷ᠂ ᠡᠪᠡᠰᠦ ᠪᠣᠷᠳᠤᠭ᠎ᠠ ᠶᠢᠨ ︽ᠲᠥᠪ ᠦᠢᠯᠡᠳᠬᠡᠪᠦᠷᠢ︾ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠵᠢᠴᠢ ᠪᠤᠰᠤᠳ ᠬᠠᠮᠲᠤᠷᠠᠯᠴᠠᠭᠠᠨ ᠤ ᠶᠠᠪᠤᠳᠠᠯ ᠤᠨ ᠲᠣᠭᠤᠷᠢᠨ ᠳᠤ ᠰᠠᠨᠠᠯ ᠢᠶᠠᠨ ᠭᠦᠨᠵᠡᠭᠡᠢ ᠰᠣᠯᠢᠯᠴᠠᠪᠠ᠃ ᠡᠭᠦᠨ ᠤ ᠬᠠᠮᠲᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠬᠦ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠪᠠᠶᠢᠭᠤᠯᠬᠤ᠂ ᠨᠢᠭᠡᠨᠲᠡ ᠠᠰᠢᠭᠯᠠᠯᠲᠠ ᠳᠤ ᠣᠷᠣᠭᠤᠯᠤᠭᠰᠠᠨ ᠲᠥᠷᠥᠯ ᠵᠦᠢᠯ ᠤᠨ ᠡᠵᠡᠩᠨᠡᠯᠲᠡ ᠬᠠᠮᠢᠶᠠᠷᠤᠯᠲᠠ ᠶᠢ ᠴᠢᠩᠭᠠᠳᠬᠠᠬᠤ ᠵᠡᠷᠭᠡ ᠶᠠᠪᠤᠳᠠᠯ ᠤᠨ ᠲᠤᠬᠠᠢ ᠣᠯᠠᠨ ᠵᠦᠢᠯ ᠤᠨ ᠬᠠᠮᠲᠤ ᠶᠢᠨ ᠲᠠᠨᠢᠯᠲᠠ ᠲᠠᠢ ᠪᠣᠯᠪᠠ᠃ ᠡᠯ᠎ᠡ ᠲᠠᠯ᠎ᠠ  ᠶᠢᠨ ᠬᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠲᠦᠷᠦᠯ ᠵᠦᠢᠯ ᠢ ᠡᠷᠲᠡᠬᠡᠨ ᠨᠠᠶᠢᠳᠠᠪᠤᠷᠢᠵᠢᠭᠤᠯᠬᠤ ᠶᠢ ᠠᠬᠢᠭᠤᠯᠵᠤ᠂ ᠠᠵᠤ ᠠᠬᠤᠶᠢᠯᠠᠯ ᠪᠣᠯᠣᠨ ᠣᠷᠣᠨ ᠨᠤᠲᠤᠭ ᠤᠨ ᠬᠠᠮᠲᠤᠷᠠᠯᠴᠠᠭ᠎ᠠ ᠬᠢᠵᠦ ᠬᠠᠮᠲᠤᠪᠠᠷ ᠠᠰᠢᠭ ᠬᠦᠷᠳᠡᠬᠦ ᠰᠠᠶᠢᠨ ᠰᠠᠶᠢᠬᠠᠨ ᠪᠠᠶᠢᠳᠠᠯ ᠢ ᠬᠠᠮᠲᠤᠪᠠᠷ ᠪᠠᠶᠢᠭᠤᠯᠤᠨ᠎ᠠ ᠭᠡᠵᠦ ᠰᠠᠨᠠᠯ ᠨᠢᠭᠡᠲᠡᠢ ᠢᠯᠡᠳᠬᠡᠪᠡ᠃    
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ