ᠰᠢᠨ᠎ᠡ ᠪᠠᠷᠭᠤ ᠵᠡᠭᠦᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠷᠪᠠᠨ ᠳᠣᠯᠣᠳᠤᠭᠠᠷ ᠤᠳᠠᠭᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/21
       3 ᠰᠠᠷ᠎ᠠ ᠶᠢᠨ 18 ᠤ ᠡᠳᠦᠷ ᠤᠨ ᠦᠳᠡ ᠶᠢᠨ ᠡᠮᠦᠨ᠎ᠡ᠂ ᠰᠢᠨ᠎ᠡ ᠪᠠᠷᠭᠤ ᠵᠡᠭᠦᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠷᠪᠠᠨ ᠳᠣᠯᠣᠳᠤᠭᠠᠷ ᠤᠳᠠᠭᠠᠨ ᠤ ᠬᠤᠷᠠᠯ ᠬᠤᠷᠠᠯᠳᠤᠭᠤᠯᠪᠠ᠃ ᠬᠤᠷᠠᠯ  ᠢ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ  ᠶᠢᠨ ᠬᠤᠷᠢᠶᠠᠨ ᠤ ᠡᠷᠬᠢᠯᠡᠭᠴᠢ ᠠᠮᠤᠷᠪᠠᠲᠤ ᠡᠷᠭᠢᠯᠡᠵᠡᠶ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠪᠠᠢ ᠴᠦᠨ ᠬᠤᠸᠠ᠂ ᠪᠠᠢ ᠱᠤᠸᠠᠩ ᠹᠦ᠋᠂ ᠠᠨ ᠢᠦᠢ ᠯᠦᠩ᠂ ᠮᠠ ᠹᠧᠩ ᠬᠤᠸᠠ ᠵᠢᠴᠢ ᠪᠠᠶᠢᠩᠭᠤ ᠶᠢᠨ ᠬᠤᠷᠢᠶᠠᠨ ᠤ ᠪᠤᠰᠤᠳ ᠪᠦᠷᠢᠯᠳᠦᠭᠦᠨ ᠬᠤᠷᠠᠯ ᠳᠤ ᠣᠷᠣᠯᠴᠠᠵᠠᠢ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠤ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠵᠠᠩ ᠮᠢᠩ᠂ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠶᠢᠨ ᠳᠠᠷᠤᠭ᠎ᠠ ᠧ ᠸᠧᠢ᠂ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ ᠲᠦᠪᠰᠢᠨ᠂ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠪᠠᠶᠢᠭᠤᠯᠭ᠎ᠠ ᠶᠢᠨ ᠳᠡᠳ᠋ ᠰᠠᠯᠠᠭᠠᠨ ᠲᠠᠰ  ᠠᠴᠠ ᠳᠡᠭᠡᠭᠰᠢᠬᠢ ᠺᠠᠳ᠋ᠷ᠂ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ᠂ ᠬᠠᠤᠯᠢ ᠴᠠᠭᠠᠵᠠ ᠶᠢᠨ ᠲᠣᠪᠴᠢᠶ᠎ᠠ᠂ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠬᠡᠰᠡᠭ ᠬᠤᠰᠢᠭᠤᠨ ᠲᠠᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠠ ᠠᠷᠠᠳ ᠢᠷᠭᠡᠨ ᠤ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠪᠠ᠃
20250321-4.png
       ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠪᠣᠯᠣᠨ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠢ᠃ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠦᠷᠢᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠳᠡᠩᠰᠡᠯᠡᠵᠦ ᠬᠢᠨᠠᠨ ᠪᠠᠶᠢᠴᠠᠭᠠᠭᠰᠠᠨ ᠪᠠᠶᠢᠳᠠᠯ᠂ 2024 ᠣᠨ ᠤ ᠦᠨᠳᠦᠰᠦᠲᠡᠨ ᠤ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ ᠪᠠ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠴᠠᠭᠠᠨ ᠰᠤᠳᠤᠯᠬᠤ ᠳᠤᠭᠤᠶᠢᠯᠠᠩ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠶᠢᠴᠠᠭᠠᠨ ᠰᠤᠷᠤᠯᠴᠠᠵᠤ ᠪᠠᠲᠤᠳᠬᠠᠬᠤ ᠠᠵᠢᠯ ᠤᠨ ᠲᠤᠬᠠᠢ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠶᠢ ᠰᠣᠨᠣᠰᠤᠨ ᠬᠢᠨᠠᠨ ᠵᠥᠪᠯᠡᠪᠡ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ 2025 ᠣᠨ ᠤ ᠠᠵᠢᠯ ᠤᠨ ᠭᠤᠣᠯᠳᠠᠯᠭ᠎ᠠ ︵ᠡᠬᠡ ᠨᠣᠣᠷᠠᠭ︶ ᠶᠢ ᠪᠠᠲᠤᠯᠠᠪᠠ᠃       ᠬᠤᠷᠠᠯ  ᠠᠴᠠ ᠪᠠᠲᠤᠯᠠᠯᠲᠠ ᠬᠢᠬᠦ ᠪᠠᠷ ᠳᠡᠮᠵᠢᠨ᠂ ᠭᠤᠸᠠᠨ ᠴᠠᠩ ᠷᠦᠩ  ᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠪᠠᠷ ᠲᠣᠮᠢᠯᠠᠬᠤ ᠪᠠᠷ ᠲᠣᠭᠲᠠᠪᠠ᠃ ᠬᠤᠷᠠᠯ ᠠᠴᠠ ᠪᠠᠰᠠ ᠪᠤᠰᠤᠳ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ ᠵᠦᠢᠯᠡᠰ ᠢ ᠪᠠᠲᠤᠯᠠᠪᠠ᠃       ᠬᠤᠷᠠᠯ ᠠᠴᠠ ᠴᠢᠬᠤᠯᠠᠴᠢᠯᠠᠭᠰᠠᠨ ᠨᠢ᠂ ᠨᠢᠭᠡ ᠳᠤ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠵᠦ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠬᠦ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠥᠯᠥᠨ ᠪᠤᠶᠢᠷ ᠬᠤᠲᠠ ᠶᠢᠨ ᠨᠠᠮ ᠤᠨ ᠬᠤᠷᠢᠶ᠎ᠠ ᠵᠢᠴᠢ ᠬᠤᠰᠢᠭᠤᠨ ᠤ ᠨᠠᠮ ᠤᠨ ᠬᠤᠷᠢᠶ᠎ᠠ ᠶᠢᠨ ᠠᠵᠢᠯ ᠤᠨ ᠲᠣᠬᠢᠷᠠᠭᠤᠯᠤᠯᠲᠠ ᠶᠢ ᠴᠠᠭ ᠲᠤᠬᠠᠢ ᠳᠤᠨᠢ ᠡᠵᠡᠮᠰᠢᠨ᠂ ᠴᠢᠬᠤᠯᠠ ᠶᠡᠭᠡ ᠤᠴᠢᠷ ᠶᠠᠪᠤᠳᠠᠯ ᠳᠤ ᠵᠢᠭᠠᠪᠤᠷᠢ ᠠᠪᠬᠤ ᠮᠡᠳᠡᠭᠦᠯᠦᠯᠲᠡ ᠬᠢᠬᠦ ᠶᠢ ᠪᠠᠷᠢᠮᠲᠠᠯᠠᠵᠤ᠂ ᠨᠠᠮ ᠤᠨ ᠬᠤᠷᠢᠶ᠎ᠠ ᠪᠠᠶᠢᠷᠢᠯᠠᠭᠤᠯᠤᠯᠲᠠ ᠲᠠᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠨᠠᠶᠢᠳᠠᠪᠤᠷᠢᠵᠢᠭᠤᠯᠤᠯᠲᠠ ᠲᠠᠢ ᠪᠠᠶᠢᠬᠤ ᠶᠢ ᠪᠡᠶᠡᠯᠡᠭᠦᠯᠦᠨ᠎ᠡ᠃ ᠬᠤᠶᠠᠷ ᠲᠤ ᠠᠵᠢᠯ ᠤᠨ ᠭᠤᠣᠯᠳᠠᠯᠭ᠎ᠠ ᠪᠠᠨ ᠣᠨᠣᠪᠴᠢᠲᠠᠶ ᠣᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠦᠴᠦᠨ ᠢ ᠪᠠᠳᠠᠷᠠᠭᠤᠯᠤᠨ᠎ᠠ᠃ ᠬᠤᠰᠢᠭᠤᠨ ᠤ ᠨᠠᠮ ᠤᠨ ᠬᠤᠷᠢᠶᠠᠨ ᠤ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠢᠨᠠᠯᠲᠠ ᠲᠠᠯᠪᠢᠬᠤ ᠰᠡᠳᠦᠪ ᠢ ᠨᠠᠷᠢᠨ ᠨᠢᠮᠪᠠᠢ ᠲᠥᠯᠥᠪᠯᠡᠨ᠂ ᠣᠯᠠᠨ ᠵᠦᠢᠯ ᠤᠨ ᠠᠷᠭ᠎ᠠ ᠪᠠᠷᠢᠯ ᠢᠶᠠᠷ ᠳᠠᠮᠵᠢᠭᠤᠯᠤᠨ ︽ᠨᠢᠭᠡ ᠵᠠᠰᠠᠭ ᠤᠨ ᠣᠷᠳᠣᠨ ᠨᠢᠭᠡ ᠵᠥᠪᠯᠡᠯ ᠬᠤᠶᠠᠷ ᠬᠤᠷᠢᠶ᠎ᠠ︾ ᠶᠢᠨ ᠠᠵᠢᠯ ᠳᠤ ᠬᠢᠨᠠᠯᠲᠠ ᠲᠠᠯᠪᠢᠵᠤ᠂ ᠲᠥᠯᠥᠭᠡᠯᠡᠭᠴᠢᠳ ᠲᠤ ᠡᠭᠦᠷᠭᠡ ᠲᠤᠰᠢᠶᠠᠯ ᠢᠶᠠᠨ ᠭᠦᠢᠴᠡᠳᠬᠡᠬᠦ ᠲᠠᠪᠴᠠᠩ ᠪᠠᠶᠢᠭᠤᠯᠤᠨ ᠥᠭᠴᠦ᠂ ᠲᠥᠯᠥᠭᠡᠯᠡᠭᠴᠢᠳ ᠢ ᠬᠥᠲᠥᠯᠥᠨ ᠵᠢᠯᠤᠭᠤᠳᠴᠤ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠴᠤᠭᠯᠠᠭᠤᠯᠵᠤ᠂ ᠵᠥᠪᠯᠡᠯᠭᠡ ᠰᠠᠨᠠᠭᠤᠯᠭ᠎ᠠ ᠳᠤᠷᠠᠳᠤᠭᠤᠯᠬᠤ ᠬᠡᠷᠡᠭᠲᠡᠢ᠃ ᠭᠤᠷᠪᠠ ᠳᠤ ᠠᠵᠢᠯ ᠤᠨ ᠰᠤᠷᠲᠠᠯ ᠢᠶᠠᠨ ᠰᠠᠶᠢᠵᠢᠷᠠᠭᠤᠯᠵᠤ᠂ ᠰᠠᠶᠢᠨ ᠰᠠᠶᠢᠬᠠᠨ ᠳᠦᠷᠢ ᠲᠥᠷᠬᠦ ᠶᠢ ᠪᠤᠢ ᠪᠣᠯᠭᠠᠬᠤ ᠬᠡᠷᠡᠭᠲᠡᠢ᠃ ᠵᠥᠪ ᠠᠵᠢᠯ ᠦᠢᠯᠡᠰ ᠤᠨ ᠦᠵᠡᠯᠲᠡ ᠪᠣᠯᠣᠨ ᠦᠷᠳᠡᠭ ᠤᠨ ᠦᠵᠡᠯᠲᠡ ᠶᠢ ᠪᠤᠢ ᠪᠣᠯᠭᠠᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠪᠣᠯᠣᠨ ︽ᠬᠡᠪᠲᠡᠭᠡ ᠮᠠᠶ᠋ᠢᠭ︾ ᠤᠨ ᠺᠠᠳ᠋ᠷ ᠢ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠵᠡᠷᠭᠡᠪᠡᠷ ᠠᠬᠢᠭᠤᠯᠵᠤ᠂ ᠺᠠᠳ᠋ᠷ ᠤᠨ ᠰᠤᠷᠲᠠᠯ ᠤᠨ ᠠᠰᠠᠭᠤᠳᠠᠯ ᠢ ᠴᠢᠩᠭ᠎ᠠ ᠠᠩᠬᠠᠷᠴᠤ᠂ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠪᠠ ᠳᠠᠷᠤᠢ ᠳᠤᠨᠢ ᠬᠡᠷᠡᠭᠵᠢᠭᠦᠯᠵᠦ ᠳᠠᠷᠤᠢ ᠳᠤᠨᠢ ᠥᠭᠡᠷᠡᠴᠢᠯᠡᠬᠦ ᠶᠢ ᠥᠷᠨᠢᠭᠦᠯᠬᠦ ᠬᠡᠷᠡᠭᠲᠡᠢ᠃    
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ