ᠬᠠᠭᠤᠴᠢᠨ ᠪᠠᠷᠭᠤ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠥᠪ 2025 ᠣᠨ ᠤ ᠪᠠᠯᠠ ᠮᠥᠩᠭᠦ ᠶᠢ ᠵᠣᠯᠭᠠᠭᠤᠯᠬᠤ ᠲᠥᠷᠥᠯ ᠵᠦᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/21
       ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ ᠵᠣᠯᠭᠠᠭᠤᠯᠵᠤ᠂ ᠬᠠᠭᠤᠴᠢᠨ ᠪᠠᠷᠭᠤ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠳᠠᠬᠢᠨ ᠰᠢᠨ᠎ᠡ ᠳᠡᠭᠲᠡᠷ ᠲᠤ ᠭᠠᠷᠭᠠᠬᠤ ᠶᠢ ᠲᠠᠰᠤᠷᠠᠯᠲᠠ ᠥᠬᠡᠶ ᠠᠬᠢᠭᠤᠯᠬᠤ ᠶᠢᠨ ᠲᠥᠯᠥᠭᠡ᠂ 3 ᠰᠠᠷ᠎ᠠ ᠶᠢᠨ 17 ᠤ ᠡᠳᠦᠷ᠂ ᠬᠠᠭᠤᠴᠢᠨ ᠪᠠᠷᠭᠤ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠥᠪ ᠠᠴᠠ 2025 ᠣᠨ ᠤ ᠪᠠᠯᠠ ᠮᠥᠩᠭᠦ ᠶᠢ ᠵᠣᠯᠭᠠᠭᠤᠯᠬᠤ ᠲᠥᠷᠥᠯ ᠵᠦᠢᠯ ᠢ ᠠᠬᠢᠭᠤᠯᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠬᠤᠷᠠᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠥᠪ ᠤᠨ ᠡᠷᠬᠢᠯᠡᠭᠴᠢ ᠸᠠᠩ ᠢᠦᠶ ᠰᠢᠨ ᠡᠷᠭᠢᠯᠡᠵᠦ᠂ ᠪᠠᠶᠠᠨᠬᠠᠳᠠ ᠰᠤᠮᠤ ᠵᠢᠴᠢ ᠤᠯᠠᠭᠠᠨᠴᠢᠯᠠᠭᠤ ᠭᠠᠴᠠᠭᠠᠨ ᠤ ᠬᠠᠮᠢᠶ᠎ᠠ ᠪᠥᠬᠦᠶ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃
20250321-5.png
             ᠬᠤᠷᠠᠯ ᠳᠡᠭᠡᠷ᠎ᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠤᠨ ᠠᠬᠢᠭᠤᠯᠬᠤ ᠨᠥᠬᠦᠪᠥᠷᠢ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ︾ ︵ᠥᠪᠥᠷ ᠡᠳ᠋ ᠤᠨ ᠵᠠᠰᠠᠭ ᠬᠥᠳᠡᠭᠡ ᠲᠣᠰᠬᠤᠨ ᠲᠣᠭᠲᠠᠭᠠᠯ ﹇2020﹈ 4 ᠳ᠋ᠦ᠋ᠭᠡᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠬᠠᠭᠤᠴᠢᠨ ᠪᠠᠷᠭᠤ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ  ᠪᠠᠬᠢᠯᠡᠯᠳᠡ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠨᠥᠬᠦᠪᠥᠷᠢ ᠪᠡᠯᠡ ᠮᠥᠩᠭᠦ ᠶᠢ ᠦᠨᠡᠨᠬᠦ ᠰᠠᠶᠢᠲᠤᠷ ᠬᠠᠮᠢᠶᠠᠷᠤᠨ ᠰᠠᠶᠢᠲᠤᠷ ᠬᠡᠷᠡᠭᠯᠡᠵᠦ᠂ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠭᠦᠢᠴᠡᠳ ᠪᠠᠳᠠᠷᠠᠭᠤᠯᠬᠤ ᠶᠢᠨ ᠲᠥᠯᠥᠭᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠨᠥᠬᠦᠪᠥᠷᠢ ᠪᠡᠯᠡ ᠮᠥᠩᠭᠦ ᠶᠢ ᠬᠡᠷᠡᠭᠵᠢᠭᠦᠯᠬᠦ ᠪᠦᠬᠦ ᠶᠠᠪᠤᠴᠠ ᠶᠢᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠬᠡᠷᠡᠭᠵᠢᠭᠦᠯᠬᠦ ᠬᠠᠮᠢᠶ᠎ᠠ ᠪᠦᠬᠦᠢ ᠲᠣᠭᠲᠠᠭᠠᠯ ᠢ ᠪᠣᠳᠠᠲᠠᠢ ᠲᠠᠢ ᠪᠠᠨ ᠤᠶᠠᠯᠳᠤᠭᠤᠯᠵᠤ᠂ ᠪᠠᠶᠠᠨᠬᠠᠳᠠ ᠰᠤᠮᠤ ᠶᠢᠨ ᠤᠯᠠᠭᠠᠨᠴᠢᠯᠠᠭᠤ ᠭᠠᠴᠠᠭ᠎ᠠ ᠶᠢᠨ 2025 ᠣᠨ ᠤ ᠬᠠᠮᠲᠤ ᠶᠢᠨ ᠠᠵᠤ ᠠᠬᠤᠢ ᠶᠢᠨ ᠲᠦᠷᠦᠯ ᠵᠦᠢᠯ ᠢ ᠲᠡᠳᠬᠦᠨ ᠪᠤᠵᠠᠭᠠᠶᠢᠷᠠᠭᠤᠯᠬᠤ ᠶᠢ ᠭᠦᠨᠵᠡᠭᠡᠶᠢᠷᠠᠬᠦᠯᠪᠡ᠃       ᠳᠠᠷᠠᠭᠠᠴᠢ ᠶᠢᠨ ᠠᠯᠬᠤᠮ ᠳᠤ ᠬᠠᠭᠤᠴᠢᠨ ᠪᠠᠷᠭᠤ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠥᠪ ᠤᠨ ᠬᠢᠨ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠡᠯ᠎ᠡ ᠡᠳ᠋ ᠤᠨ ᠵᠠᠰᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠤᠨ ᠠᠬᠢᠭᠤᠯᠬᠤ ᠨᠥᠬᠦᠪᠥᠷᠢ ᠪᠡᠯᠡ ᠮᠥᠩᠭᠦ ᠶᠢᠨ ᠠᠵᠤ ᠦᠢᠯᠡᠰ ᠤᠨ ᠬᠥᠭᠵᠢᠯᠲᠡ ᠶᠢᠨ ᠲᠦᠷᠦᠯ ᠵᠦᠢᠯ ᠢ ᠭᠦᠨᠵᠡᠭᠡᠢ ᠨᠠᠶᠢᠳᠠᠪᠤᠷᠢᠵᠢᠭᠤᠯᠵᠤ᠂ ᠡᠳ᠋ ᠤᠨ ᠵᠠᠰᠠᠭ ᠤᠨ ᠪᠡᠯᠡ ᠮᠥᠩᠭᠦ ᠶᠢ ᠪᠣᠳᠠᠲᠠᠢ ᠳᠤ ᠬᠡᠷᠡᠭᠯᠡᠬᠦ ᠶᠢ ᠪᠠᠲᠤᠯᠠᠵᠤ᠂ 2025 ᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠦᠷᠦᠯ ᠵᠦᠢᠯ ᠤᠨ ᠬᠤᠷᠳᠤᠴᠠ ᠶᠢ ᠲᠦᠷᠭᠡᠳᠬᠡᠵᠦ ᠦᠷ᠎ᠡ ᠠᠰᠢᠭ ᠢ ᠨᠡᠮᠡᠭᠳᠡᠭᠦᠯᠬᠦ ᠶᠢ ᠬᠦᠴᠤᠯᠨᠨ ᠠᠬᠢᠭᠤᠯᠬᠤ ᠪᠣᠯᠤᠨ᠎ᠠ᠃    
ᠢᠷᠡᠯᠲᠡ᠄ ᠬᠠᠭᠤᠴᠢᠨ ᠪᠠᠷᠭᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ