3 ᠰᠠᠷ᠎ᠠ ᠶᠢᠨ 18 ᠤ ᠡᠳᠦᠷ᠂ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ | 2025 ᠣᠨ ᠤ ᠭᠤᠷᠪᠠᠳᠤᠭᠠᠷ ᠤᠳᠠᠭᠠᠨ ᠤ ᠬᠤᠷᠠᠯ ᠵᠢᠴᠢ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠭᠤᠷᠪᠠᠳᠤᠭᠠᠷ ᠤᠳᠠᠭᠠᠨ ᠤ ᠬᠠᠮᠲᠤ ᠶᠢᠨ | ᠰᠤᠷᠤᠯᠴᠠᠯᠭ᠎ᠠ ᠶᠢᠨ ᠬᠤᠷᠠᠯ ᠬᠤᠷᠠᠯᠳᠤᠪᠠ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ | ᠳᠡᠭᠡᠳᠦ ᠱᠠᠲᠤᠨ ᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠠᠵᠤ ᠠᠬᠤᠢ ᠶᠢᠨ ᠠᠵᠢᠯᠯᠠᠭᠠᠨ ᠤ ᠬᠠᠮᠢᠶ᠎ᠠ | ᠪᠦᠬᠦᠢ ᠭᠤᠣᠯᠳᠠᠯᠭ᠎ᠠ ᠲᠠᠢ ᠭᠦᠢᠴᠡᠳᠬᠡᠯ ᠲᠤᠭ᠎ᠠ ᠶᠢᠨ ᠠᠭᠤᠯᠭ᠎ᠠ ᠳᠤ ᠲᠠᠶᠢᠯᠤᠮᠵᠢ ᠬᠢᠵᠦ᠂ ᠬᠠᠮᠢᠶ᠎ᠠ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠪᠠ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠤᠬᠠᠢ ᠴᠢᠬᠤᠯᠠ | ᠥᠭᠦᠯᠡᠯᠲᠡ ᠪᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠵᠤ᠂ ᠬᠤᠳᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠪᠠᠶᠢᠭᠤᠯᠤᠮᠵᠢ | ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠬᠦ ᠬᠡᠷᠡᠭᠲᠡᠢ᠃ ᠠᠵᠤ ᠠᠬᠤᠶᠢᠯᠠᠯ ᠤᠨ ᠬᠥᠭᠵᠢᠯᠲᠡ ᠶᠢᠨ ᠡᠮᠵᠡᠭ ᠭᠠᠵᠠᠷ᠂ ᠲᠦᠭᠵᠢᠷᠡᠯ ᠤᠨ ᠴᠡᠭ ᠪᠠ ᠬᠦᠴᠢᠷ | ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ | ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠭᠵᠢᠯᠲᠡ ᠶᠢ ᠴᠢᠨᠠᠭᠰᠢᠳᠠ ᠳᠡᠮᠵᠢᠵᠦ᠂ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢ | ᠠᠮᠢᠳᠤᠯᠢᠭ ᠪᠣᠯᠭᠠᠬᠤ ᠬᠡᠷᠡᠭᠲᠡᠢ᠃ ᠨᠢᠭᠡᠳᠦᠭᠡᠷ ᠤᠯᠠᠷᠢᠯ ᠵᠢᠴᠢ ᠪᠥᠬᠦ ᠵᠢᠯ ᠤᠨ ᠠᠵᠤ ᠠᠬᠤᠶ ᠶᠢᠨ ᠠᠵᠢᠯᠯᠠᠭᠠᠨ ᠤ ᠭᠦᠢᠴᠡᠳᠬᠡᠯ ᠲᠤᠭ᠎ᠠ ᠶᠢ ᠴᠢᠩᠭ᠎ᠠ ᠠᠩᠬᠠᠷᠴᠤ᠂ | ᠡᠭᠦᠷᠭᠡ ᠪᠠᠨ ᠨᠠᠷᠢᠯᠢᠬᠵᠢᠭᠤᠯᠤᠨ᠂ ᠠᠵᠢᠯ ᠤᠨ ᠬᠤᠭᠤᠴᠠᠭ᠎ᠠ ᠶᠢ ᠲᠣᠩᠭᠤᠷᠤᠭᠤᠯᠤᠨ ᠪᠠᠶᠢᠷᠢᠯᠠᠭᠤᠯᠵᠤ᠂ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠮᠠᠨ ᠤ | ᠬᠤᠰᠢᠭᠤᠨ ᠤ ᠪᠣᠳᠠᠲᠠᠶ ᠲᠠᠢ ᠪᠠᠨ ᠤᠶᠠᠯᠳᠤᠭᠤᠯᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠠᠷᠭ᠎ᠠ ᠪᠦᠬᠦᠨ ᠢ ᠰᠦᠪᠡᠭᠴᠢᠯᠡᠨ ᠨᠢᠭᠡᠳᠦᠭᠡᠷ | ᠤᠯᠠᠷᠢᠯ ᠤᠨ ︽ᠰᠠᠶᠢᠨ ᠡᠬᠢᠯᠡᠯᠲᠡ︾ ᠶᠢ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃ |