3 ᠰᠠᠷ᠎ᠠ ᠶᠢᠨ 19 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠨᠠᠢ ᠪᠢᠨ ᠱᠦᠵᠢ ᠶᠢᠨ ᠲᠤᠰᠬᠠᠢ ᠰᠡᠳᠦᠪᠲᠦ ᠬᠤᠷᠠᠯ ᠢ ᠡᠷᠭᠢᠯᠡᠨ | ᠬᠤᠷᠠᠯᠳᠤᠭᠤᠯᠵᠤ᠂ ᠭᠠᠳᠠᠨ᠎ᠠ ᠶᠢᠨ ᠮᠠᠯ ᠢ ᠬᠢᠯᠢ ᠪᠠᠷ ᠣᠷᠣᠭᠤᠯᠵᠤ ᠪᠡᠯᠴᠢᠭᠡᠷᠯᠡᠭᠦᠯᠬᠦ ᠠᠰᠠᠭᠤᠳᠠᠯ ᠢ ᠰᠢᠰᠲ᠋ᠧᠮ ᠲᠠᠢ ᠰᠢᠢᠳᠪᠦᠷᠢᠯᠡᠭᠰᠡᠨ ᠠᠵᠢᠯ ᠤᠨ ᠬᠠᠷᠢᠭᠤ | ᠮᠡᠳᠡᠭᠦᠯᠦᠯᠲᠡ ᠶᠢ ᠰᠣᠨᠣᠰᠴᠤ᠂ ᠣᠷᠣᠰᠢᠵᠤ ᠪᠠᠶᠢᠭ᠎ᠠ ᠠᠰᠠᠭᠤᠳᠠᠯ ᠢ ᠵᠠᠳᠠᠯᠵᠤ᠂ ᠲᠠᠷᠠᠭᠠᠴᠢ ᠶᠢᠨ ᠠᠯᠬᠤᠮ ᠤᠨ ᠠᠵᠢᠯ ᠢ ᠰᠤᠳᠤᠯᠤᠨ ᠪᠠᠶᠢᠷᠢᠯᠠᠭᠤᠯᠪᠠ᠃ | ᠬᠤᠰᠢᠭᠤᠨ ᠤ ᠤᠳᠤᠷᠢᠳᠤᠯᠭ᠎ᠠ ᠵᠠᠩ ᠮᠢᠩ᠂ ᠬᠠᠳᠠ᠂ ᠸᠠᠩ ᠵᠢᠩ᠂ ᠵᠥᠩ ᠱᠧᠦ ᠴᠢᠥᠸᠠᠨ ᠬᠤᠷᠠᠯ ᠳᠤ ᠣᠷᠣᠯᠴᠠᠵᠤ᠂ ᠡᠯ᠎ᠡ ᠰᠤᠮᠤ ᠪᠠᠯᠭᠠᠰᠤ᠂ ᠬᠠᠮᠢᠶ᠎ᠠ | ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃ | ᠬᠤᠷᠠᠯ ᠠᠴᠠ ᠡᠯ᠎ᠡ ᠰᠤᠮᠤ ᠪᠠᠯᠭᠠᠰᠤ ᠶᠢᠨ ᠭᠠᠳᠠᠨ᠎ᠠ ᠶᠢᠨ ᠮᠠᠯ ᠢ ᠬᠢᠯᠢ ᠪᠠᠷ ᠣᠷᠣᠭᠤᠯᠵᠤ ᠪᠡᠯᠴᠢᠭᠡᠷᠯᠡᠭᠦᠯᠬᠦ ᠠᠰᠠᠭᠤᠳᠠᠯ ᠢ ᠰᠢᠰᠲ᠋ᠧᠮ ᠲᠠᠢ ᠰᠢᠢᠳᠪᠦᠷᠢᠯᠡᠬᠦ | ᠠᠵᠢᠯ ᠤᠨ ᠦᠨᠳᠦᠰᠦᠨ ᠪᠠᠶᠢᠳᠠᠯ᠂ ᠭᠤᠣᠯ ᠠᠷᠭ᠎ᠠ ᠬᠢᠳᠡᠯ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠳᠠᠷᠠᠭᠠᠴᠢ ᠶᠢᠨ ᠠᠯᠬᠤᠮ ᠤᠨ ᠠᠵᠢᠯ ᠤᠨ ᠰᠡᠳᠬᠢᠴᠡ ᠶᠢᠨ | ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠠᠢ᠃ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠬᠤᠪᠢᠳᠠᠨ ᠬᠠᠮᠢᠶᠠᠷᠴᠤ ᠪᠠᠶᠢᠭ᠎ᠠ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠤᠨ᠂ ᠣᠳᠣᠬᠠᠨ ᠤ ᠪᠠᠶᠢᠳᠠᠯ ᠢ ᠵᠠᠳᠠᠯᠵᠤ᠂ ᠣᠷᠣᠰᠢᠵᠤ ᠪᠠᠶᠢᠭ᠎ᠠ ᠠᠰᠠᠭᠤᠳᠠᠯ ᠢ ᠡᠮᠬᠢᠯᠡᠵᠦ᠂ ᠲᠠᠷᠠᠭᠠᠴᠢ ᠶᠢᠨ ᠱᠠᠲᠤᠨ ᠤ ᠭᠤᠣᠯᠳᠠᠯᠭ᠎ᠠ ᠲᠠᠢ ᠠᠵᠢᠯ ᠢᠶᠠᠨ | ᠲᠣᠬᠢᠷᠠᠭᠤᠯᠤᠨ ᠪᠠᠶᠢᠷᠢᠯᠠᠭᠤᠯᠪᠠ᠃ | ᠸᠠᠩ ᠨᠠᠢ ᠪᠢᠨ ᠵᠢᠭᠠᠵᠤ ᠭᠠᠷᠭᠠᠭᠰᠠᠨ ᠨᠢ᠂ ᠡᠯ᠎ᠡ ᠰᠤᠮᠤ ᠪᠠᠯᠭᠠᠰᠤ᠂ ᠬᠠᠮᠢᠶ᠎ᠠ ᠪᠦᠬᠦᠢ ᠰᠠᠯᠠᠭ᠎ᠠ ᠮᠥᠴᠢᠷ ᠭᠠᠳᠠᠨ᠎ᠠ ᠶᠢᠨ ᠮᠠᠯ ᠢ ᠬᠢᠯᠢ ᠪᠠᠷ ᠣᠷᠣᠭᠤᠯᠵᠤ | ᠪᠡᠯᠴᠢᠭᠡᠷᠯᠡᠭᠦᠯᠬᠦ ᠶᠢ ᠬᠠᠮᠢᠶᠠᠷᠤᠨ ᠡᠵᠡᠮᠳᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠳᠡᠭᠡᠳᠦ ᠱᠠᠲᠤᠨ ᠤ ᠠᠵᠢᠯ ᠤᠨ ᠪᠠᠶᠢᠷᠢᠯᠠᠭᠤᠯᠤᠯᠲᠠ ᠶᠢ ᠴᠢᠩᠭ᠎ᠠ | ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠵᠤ᠂ ᠠᠵᠢᠯ ᠤᠨ ᠠᠷᠭ᠎ᠠ ᠬᠡᠮᠵᠢᠶ᠎ᠡ ᠶᠢ ᠨᠠᠷᠢᠯᠢᠭᠵᠢᠭᠤᠯᠵᠤ᠂ ᠶᠠᠪᠤᠴᠠ ᠶᠢᠨ | ᠵᠢᠷᠤᠮᠵᠢᠯ ᠢ ᠲᠣᠳᠣᠷᠬᠠᠶᠢᠯᠠᠵᠤ᠂ ᠬᠠᠤᠯᠢ ᠬᠡᠷᠡᠭᠵᠢᠭᠦᠯᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠥᠨᠳᠥᠷ ᠪᠦᠲᠦᠮᠵᠢᠲᠡᠢ ᠠᠵᠢᠯᠯᠠᠭᠠᠨ ᠤ ᠠᠵᠢᠯ ᠤᠨ ᠲᠣᠭᠲᠠᠴᠠ ᠶᠢ | ᠬᠦᠴᠦᠯᠡᠨ ᠪᠠᠶᠢᠭᠤᠯᠬᠤ ᠬᠡᠷᠡᠭᠲᠡᠢ᠃ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠨᠠᠮ ᠤᠨ ᠭᠡᠰᠢᠭᠦᠨ ᠺᠠᠳ᠋ᠷᠴᠤᠳ ᠪᠡᠶ᠎ᠡ ᠪᠠᠷ ᠢᠶᠠᠨ | ᠦᠯᠢᠭᠡᠷ ᠳᠠᠭᠤᠷᠢᠶᠠᠯ ᠦᠵᠡᠭᠦᠯᠵᠦ᠂ ᠪᠡᠶ᠎ᠡ ᠪᠠᠷ ᠢᠶᠠᠨ ᠬᠡᠪ ᠳᠦᠷᠢᠮ ᠪᠣᠯᠵᠤ᠂ ᠮᠠᠯᠵᠢᠬᠤ ᠡᠷᠦᠭᠡ ᠳᠤ ᠭᠦᠨᠵᠡᠭᠡᠶᠢᠷᠡᠨ ᠰᠡᠯᠭᠦᠨ ᠮᠠᠯᠵᠢᠬᠤ᠂ ᠮᠠᠯᠵᠢᠬᠤ ᠶᠢ ᠵᠣᠭᠰᠤᠭᠠᠬᠤ᠂ | ᠮᠠᠯ ᠤᠨ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠵᠡᠷᠭᠡ ᠶᠢᠨ ᠬᠠᠤᠯᠢ ᠲᠣᠭᠲᠠᠭᠠᠯ᠂ ᠳᠦᠷᠢᠮ ᠵᠤᠷᠪᠤᠰ ᠢ ᠨᠢᠭᠤᠷᠳᠠᠨ ᠤᠬᠠᠭᠤᠯᠵᠤ᠂ ᠰᠠᠶᠢᠨ ᠰᠠᠶᠢᠬᠠᠨ | ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃ | ᠸᠠᠩ ᠨᠠᠢ ᠪᠢᠨ ᠴᠢᠬᠤᠯᠠᠴᠢᠯᠠᠭᠰᠠᠨ ᠨᠢ᠂ ᠮᠥᠷᠳᠡᠨ ᠤᠬᠤᠴᠢᠯᠠᠬᠤ ᠰᠢᠰᠲ᠋ᠧᠮ ᠢ ᠲᠡᠭᠦᠯᠳᠡᠷᠵᠢᠭᠦᠯᠵᠦ᠂ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠲᠣᠭᠲᠠᠴᠠ ᠶᠢ | ᠪᠠᠶᠢᠭᠤᠯᠵᠤ᠂ ᠠᠵᠢᠯ ᠤᠨ ᠡᠬᠡ ᠲᠠᠩᠰᠠ ᠶᠢ ᠲᠣᠭᠲᠠᠭᠠᠵᠤ᠂ ᠣᠨᠣᠴᠠᠲᠠᠢ ᠡᠵᠡᠮᠰᠢᠵᠦ᠂ ᠡᠷᠦᠬᠡ ᠳᠠᠷᠠᠭᠠᠯᠠᠨ ᠪᠦᠷᠢᠳᠬᠡᠵᠦ᠂ ᠤᠯᠠᠨ ᠠᠷᠭ᠎ᠠ ᠬᠡᠮᠵᠢᠶ᠎ᠡ ᠶᠢ ᠵᠡᠷᠭᠡᠪᠡᠷ | ᠬᠡᠷᠡᠭᠯᠡᠵᠦ ᠮᠠᠯᠴᠢᠳ ᠪᠣᠯᠣᠨ ᠮᠠᠯ ᠤᠨ ᠠᠮᠤᠷ ᠲᠦᠪᠰᠢᠨ ᠡᠮᠬᠢ ᠵᠢᠷᠤᠮ ᠲᠠᠢ ᠪᠠᠷ ᠨᠤᠲᠤᠭ ᠲᠠᠭᠠᠨ ᠪᠤᠴᠠᠬᠤ ᠶᠢ ᠪᠠᠲᠤᠯᠠᠬᠤ ᠬᠡᠷᠡᠭᠲᠡᠢ᠃ ᠨᠢᠭᠡᠳᠦᠯᠲᠡᠢ ᠲᠥᠯᠥᠪᠯᠡᠨ | ᠲᠣᠬᠢᠷᠠᠭᠤᠯᠬᠤ ᠪᠠᠨ ᠴᠢᠩᠭᠠᠳᠬᠠᠵᠤ᠂ ᠨᠢᠭᠲᠠ ᠬᠠᠮᠵᠢᠯᠴᠠᠵᠤ᠂ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠨ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ | ᠲᠥᠰᠥᠯ ᠢ ᠲᠡᠭᠦᠯᠳᠡᠷᠵᠢᠭᠦᠯᠵᠦ᠂ ᠬᠠᠷᠢᠶᠠᠲᠤ ᠣᠷᠣᠨ ᠤ ᠭᠠᠳᠠᠨ᠎ᠠ ᠠᠴᠠ ᠢᠷᠡᠭᠰᠡᠨ ᠮᠠᠯ ᠪᠠ ᠨᠤᠲᠤᠭ ᠲᠠᠭᠠᠨ ᠪᠤᠴᠠᠭᠰᠠᠨ ᠮᠠᠯ ᠢ ᠬᠠᠮᠢᠶᠠᠷᠤᠨ ᠡᠵᠡᠮᠳᠡᠬᠦ ᠠᠵᠢᠯ ᠢ | ᠬᠦᠴᠦᠷᠬᠡᠭ ᠶᠡᠭᠡ ᠠᠵᠢᠯ ᠤᠨ ᠨᠡᠶᠢᠯᠡᠮᠡᠯ ᠬᠦᠴᠦᠨ ᠢᠶᠠᠷ ᠰᠠᠶᠢᠲᠤᠷ ᠠᠳᠬᠤᠵᠤ᠂ ᠮᠠᠯ ᠠᠵᠤ ᠠᠬᠤᠢ ᠶᠢᠨ ᠡᠷᠡᠭᠦᠯ᠂ ᠡᠮᠬᠢ ᠵᠢᠷᠤᠮ ᠲᠠᠢ᠂ ᠦᠷᠭᠦᠯᠵᠢᠯᠡᠨ ᠬᠥᠭᠵᠢᠬᠦ ᠶᠢ | ᠦᠨᠡᠨᠬᠦ ᠪᠠᠲᠤᠯᠠᠵᠤ᠂ ᠨᠤᠲᠤᠭ ᠪᠡᠯᠴᠢᠭᠡᠷ ᠤᠨ ᠠᠮᠢ ᠠᠬᠤᠢ ᠶᠢᠨ ᠲᠡᠩᠴᠡᠭᠦᠷᠢ ᠶᠢ ᠬᠠᠮᠠᠭᠠᠯᠠᠬᠤ ᠬᠡᠷᠡᠭᠲᠡᠢ᠃ |