3 ᠰᠠᠷ᠎ᠠ ᠶᠢᠨ 17 ᠤ ᠡᠳᠦᠷ᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠲᠥᠯᠥᠭᠡᠯᠡᠭᠴᠢᠳ ᠤᠨ ᠰᠠᠨᠠᠭᠤᠯᠭ᠎ᠠ ᠶᠢ ᠲᠤᠰᠢᠶᠠᠨ ᠰᠢᠢᠳᠪᠦᠷᠢᠯᠡᠭᠦᠯᠬᠦ ᠬᠤᠷᠠᠯ | ᠬᠤᠷᠠᠯᠳᠤᠭᠤᠯᠵᠤ᠂ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ | ᠬᠤᠭᠤᠴᠠᠭᠠᠨ ᠳᠤ ᠪᠠ ᠬᠤᠷᠠᠯ ᠲᠡᠭᠦᠰᠦᠭᠰᠡᠨ ᠬᠤᠭᠤᠴᠠᠭᠠᠨ ᠳᠤ ᠲᠥᠯᠥᠭᠡᠯᠡᠭᠴᠢᠳ ᠤᠨ ᠳᠤᠷᠠᠳᠤᠭᠰᠠᠨ 124 ᠬᠤᠪᠢ ᠰᠠᠨᠠᠭᠤᠯᠭ᠎ᠠ ᠶᠢ ᠲᠥᠪᠯᠡᠷᠡᠭᠦᠯᠦᠨ | ᠲᠤᠰᠢᠶᠠᠨ ᠰᠢᠢᠳᠪᠦᠷᠢᠯᠡᠭᠦᠯᠬᠦ ᠪᠠᠷ ᠪᠣᠯᠪᠠ᠃ ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ | ᠶᠠᠩ ᠯᠧᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠬᠤᠷᠴᠠ ᠨᠠᠷ ᠬᠤᠷᠠᠯ ᠳᠤ ᠣᠷᠣᠯᠴᠠᠪᠠ᠃ | | | | ᠲᠤᠰᠢᠶᠠᠨ ᠰᠢᠢᠳᠪᠦᠷᠢᠯᠡᠭᠦᠯᠬᠦ ᠬᠤᠷᠠᠯ ᠳᠡᠭᠡᠷ᠎ᠡ᠂ ︽ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠳᠥᠷᠪᠡᠳᠦᠭᠡᠷ ᠬᠤᠷᠠᠯᠳᠤᠭᠠᠨ ᠤ ᠲᠥᠯᠥᠭᠡᠯᠡᠭᠴᠢ ᠶᠢᠨ ᠰᠠᠨᠠᠭᠤᠯᠭ᠎ᠠ ᠶᠢ ᠲᠥᠷᠥᠯ ᠬᠤᠪᠢᠶᠠᠭᠰᠠᠨ ᠪᠠᠶᠢᠳᠠᠯ ᠤᠨ ᠬᠦᠰᠦᠨᠦᠭᠲᠦ︾ ᠪᠠ ︽ᠭᠤᠣᠯᠳᠠᠯᠭ᠎ᠠ ᠲᠠᠢ ᠰᠢᠪᠠᠳᠠᠨ | ᠰᠢᠢᠳᠪᠦᠷᠢᠯᠡᠭᠦᠯᠬᠦ ᠰᠠᠨᠠᠭᠤᠯᠭ᠎ᠠ ᠶᠢᠨ ᠬᠦᠰᠦᠨᠦᠭᠲᠦ︾ ᠶᠢ ᠳᠠᠷᠤᠮᠠᠯᠯᠠᠨ ᠲᠠᠷᠬᠠᠭᠠᠵᠤ᠂ ᠰᠢᠢᠳᠪᠦᠷᠢᠯᠡᠬᠦ ᠠᠵᠢᠯ ᠳᠤ ᠨᠠᠷᠢᠨ ᠲᠣᠬᠢᠷᠠᠭᠤᠯᠤᠯᠲᠠ ᠬᠢᠪᠡ᠃ | ᠬᠤᠷᠠᠯ ᠠᠴᠠ᠂ ᠡᠯ᠎ᠡ ᠳᠠᠭᠠᠭᠠᠨ ᠠᠪᠴᠤ ᠰᠢᠢᠳᠪᠦᠷᠢᠯᠡᠬᠦ ᠨᠢᠭᠡᠴᠡ ᠶᠢᠨ ᠬᠢᠨ ᠲᠥᠯᠥᠭᠡᠯᠡᠭᠴᠢᠳ ᠤᠨ ᠰᠠᠨᠠᠭᠤᠯᠭ᠎ᠠ ᠶᠢ ᠰᠢᠢᠳᠪᠦᠷᠢᠯᠡᠬᠦ ᠠᠵᠢᠯ ᠤᠨ ᠠᠷᠭ᠎ᠠ | ᠠᠪᠴᠠᠯ ᠢᠶᠠᠨ ᠦᠷᠭᠦᠯᠵᠢᠯᠡᠨ ᠪᠠᠬᠢᠵᠢᠭᠦᠯᠵᠦ᠂ ᠲᠥᠯᠥᠭᠡᠯᠡᠭᠴᠢᠳ ᠤᠨ ᠰᠠᠨᠠᠭᠤᠯᠭ᠎ᠠ ᠶᠢᠨ ᠠᠵᠢᠯ ᠤᠨ ᠳᠦᠷᠢᠮᠵᠢᠯᠲᠡ ᠶᠢᠨ ᠲᠦᠪᠰᠢᠨ ᠢ ᠴᠢᠨᠠᠭᠰᠢᠳᠠ ᠳᠡᠭᠡᠭᠰᠢᠯᠡᠭᠦᠯᠬᠦ | ᠬᠡᠷᠡᠭᠲᠡᠢ ᠭᠡᠵᠦ ᠱᠠᠭᠠᠷᠳᠠᠪᠠ᠃ ᠲᠥᠯᠥᠭᠡᠯᠡᠭᠴᠢᠳ ᠤᠨ ᠰᠠᠨᠠᠭᠤᠯᠭ᠎ᠠ ᠶᠢ ᠰᠢᠢᠳᠪᠦᠷᠢᠯᠡᠬᠦ ᠠᠵᠢᠯ ᠢ ᠨᠠᠮ ᠪᠣᠯᠣᠨ ᠤᠯᠤᠰ ᠤᠨ ᠶᠡᠭᠡ ᠲᠠᠯ᠎ᠠ ᠲᠠᠢ ᠨᠢᠭᠲᠠ | ᠤᠶᠠᠯᠳᠤᠭᠤᠯᠤᠨ᠂ ᠲᠥᠯᠥᠭᠡᠯᠡᠭᠴᠢᠳ ᠯᠦᠭᠡ ᠶᠢᠨ ᠬᠠᠷᠢᠯᠴᠠᠭ᠎ᠠ ᠪᠠᠨ ᠴᠢᠩᠭᠠᠳᠬᠠᠵᠤ᠂ ᠪᠠᠶᠢᠴᠠᠭᠠᠨ ᠰᠤᠳᠤᠯᠤᠯᠲᠠ ᠶᠢ ᠰᠠᠶᠢᠲᠣᠷ ᠥᠷᠨᠢᠭᠦᠯᠵᠦ᠂ ᠳᠦᠷᠦᠯ | ᠬᠤᠪᠢᠶᠠᠨ ᠰᠢᠢᠳᠪᠦᠷᠢᠯᠡᠬᠦ ᠠᠷᠭ᠎ᠠ ᠪᠠᠷ ᠰᠢᠢᠳᠪᠦᠷᠢᠯᠡᠬᠦ ᠦᠷ᠎ᠡ ᠠᠰᠢᠭ ᠢ ᠳᠡᠭᠡᠭᠰᠢᠯᠡᠭᠦᠯᠵᠦ᠂ ᠦᠨᠳᠦᠷ ᠪᠦᠲᠦᠮᠵᠢᠲᠡᠢ ᠰᠠᠨᠠᠭᠤᠯᠭ᠎ᠠ ᠶᠢ ᠥᠭᠡᠷᠡᠴᠢᠯᠡᠯᠲᠡ | ᠬᠥᠭᠵᠢᠯᠲᠡ ᠶᠢ ᠠᠬᠢᠭᠤᠯᠬᠤ ᠳᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠵᠤ᠂ ᠠᠷᠠᠳ ᠤᠨ ᠬᠦᠰᠡᠯ ᠱᠠᠭᠠᠷᠳᠠᠯᠭ᠎ᠠ ᠳᠤ ᠬᠦᠷᠦᠭᠦᠯᠬᠦ ᠪᠠᠷ | ᠴᠢᠷᠮᠠᠶᠢᠬᠤ ᠬᠡᠷᠡᠭᠲᠡᠢ᠃ | ᠬᠤᠰᠢᠭᠤ ᠵᠠᠰᠠᠭ ᠤᠨ ᠣᠷᠳᠣᠨ ᠤ ᠠᠯᠪᠠᠨ ᠭᠡᠷ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ | ᠡᠯ᠎ᠡ ᠠᠵᠢᠯ ᠤᠨ ᠵᠥᠪᠯᠡᠯ᠂ ᠲᠥᠯᠥᠭᠡᠯᠡᠭᠴᠢᠳ ᠤᠨ ᠰᠠᠨᠠᠭᠤᠯᠭ᠎ᠠ ᠶᠢ ᠳᠠᠭᠠᠭᠠᠨ ᠭᠦᠢᠴᠡᠳᠬᠡᠬᠦ ᠨᠢᠭᠡᠴᠡ ᠵᠡᠷᠭᠡ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ | ᠣᠷᠣᠯᠴᠠᠪᠠ᠃ |