ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠭᠤᠯᠤᠯᠭ᠎ᠠ ᠶᠢᠨ ᠨᠠᠮ ᠤᠨ ᠡᠭᠦᠷ 2024 ᠣᠨ ᠤ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠵᠢᠴᠢ ᠨᠠᠮ ᠤᠨ ᠭᠡᠰᠢᠭᠦᠨ ᠢ ᠠᠷᠠᠳᠴᠢᠯᠠᠯ ᠢᠶᠠᠷ ᠦᠨᠡᠯᠡᠬᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/21
       3 ᠰᠠᠷ᠎ᠠ ᠶᠢᠨ 19 ᠤ ᠦᠳᠡ ᠶᠢᠨ ᠡᠮᠦᠨ᠎ᠡ᠂ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠭᠤᠯᠤᠯᠭ᠎ᠠ ᠶᠢᠨ ᠨᠠᠮ ᠤᠨ ᠡᠭᠦᠷ 2024 ᠣᠨ ᠤ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠵᠢᠴᠢ ᠨᠠᠮ ᠤᠨ ᠭᠡᠰᠢᠭᠦᠨ ᠢ ᠠᠷᠠᠳᠴᠢᠯᠠᠯ ᠢᠶᠠᠷ ᠦᠨᠡᠯᠡᠬᠦ ᠬᠤᠷᠠᠯ ᠬᠤᠷᠠᠯᠳᠤᠭᠤᠯᠪᠠ᠃ ᠬᠤᠷᠠᠯ ᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠭᠤᠯᠤᠯᠭ᠎ᠠ ᠶᠢᠨ ᠨᠠᠮ ᠤᠨ ᠡᠭᠦᠷ ᠤᠨ ᠱᠦᠵᠢ᠂ ᠪᠠᠶᠢᠩᠭᠤ ᠶᠢᠨ ᠬᠤᠷᠢᠶᠠᠨ ᠤ ᠬᠠᠤᠯᠢ ᠳᠦᠷᠢᠮ ᠤᠨ ᠠᠵᠢᠯ ᠤᠨ ᠬᠤᠷᠢᠶᠠᠨ ᠤ ᠡᠷᠬᠢᠯᠡᠭᠴᠢ ᠡᠷᠬᠢᠯᠡᠪᠡ᠃ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠠᠮᠤᠷᠪᠠᠲᠤ᠂ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠳᠡᠳ᠋ ᠡᠷᠬᠢᠯᠡᠭᠴᠢ ᠪᠠᠢ ᠱᠤᠸᠠᠩ ᠹᠦ᠋᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠡᠷᠬᠢᠯᠡᠭᠴᠢ ᠠᠨ ᠢᠦᠢ ᠯᠦᠩ ᠡᠩ ᠤᠨ ᠨᠠᠮ ᠤᠨ ᠭᠡᠰᠢᠭᠦᠨ ᠤ ᠬᠤᠪᠢ ᠪᠠᠷ ᠬᠤᠷᠠᠯ ᠳᠤ ᠣᠷᠣᠯᠴᠠᠪᠠ᠃
20250321-7.png
       ᠬᠤᠷᠠᠯ ᠠᠴᠠ ᠡᠮᠦᠨ᠎ᠡ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ  ᠶᠢᠨ ᠬᠤᠷᠢᠶᠠᠨ ᠤ ᠪᠠᠶᠢᠭᠤᠯᠤᠯᠭ᠎ᠠ  ᠶᠢᠨ ᠨᠠᠮ ᠤᠨ ᠡᠭᠦᠷ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠰᠤᠷᠤᠯᠴᠠᠵᠤ ᠰᠤᠳᠤᠯᠤᠨ ᠶᠠᠷᠢᠯᠴᠠᠬᠤ᠂ ᠥᠷᠭᠡᠨ  ᠢᠶᠠᠷ ᠰᠠᠨᠠᠯ ᠬᠤᠷᠢᠶᠠᠬᠤ᠂ ᠰᠡᠳᠬᠢᠯ ᠤᠨ ᠦᠭᠡ ᠪᠠᠨ ᠶᠠᠷᠢᠬᠤ ᠠᠵᠢᠯ  ᠢ ᠵᠣᠬᠢᠶᠠᠨ ᠪᠠᠶᠢᠭᠤᠯᠤᠨ ᠥᠷᠨᠢᠭᠦᠯᠵᠦ᠂ ᠠᠰᠠᠭᠤᠳᠠᠯ  ᠢ ᠨᠠᠷᠢᠨ ᠬᠢᠨᠠᠮᠠᠭᠠᠢ ᠡᠮᠬᠢᠯᠡᠨ ᠳᠡᠯᠭᠡᠵᠦ᠂ ᠲᠣᠰ ᠤᠳᠠᠭᠠᠨ ᠤ ᠵᠣᠬᠢᠶᠠᠨ ᠪᠠᠶᠢᠭᠤᠯᠤᠯᠲᠠ  ᠶᠢᠨ ᠠᠮᠢᠳᠤᠷᠠᠯ ᠤᠨ ᠬᠤᠷᠠᠯ  ᠢ ᠴᠢᠨᠠᠷ ᠰᠠᠶᠢᠲᠠᠢ ᠬᠤᠷᠠᠯᠳᠤᠭᠤᠯᠬᠤ ᠳᠤ ᠪᠠᠲᠤ ᠰᠠᠭᠤᠷᠢ  ᠶᠢ ᠲᠠᠯᠪᠢᠭᠰᠠᠨ ᠪᠠᠶᠢᠨ᠎ᠠ᠃      ᠬᠤᠷᠠᠯ ᠳᠡᠭᠡᠷ᠎ᠡ᠂ ᠨᠠᠮ ᠤᠨ ᠡᠭᠦᠷ ᠤᠨ ᠬᠠᠷᠢᠭᠤᠴᠠᠯᠭᠠᠲᠠᠨ ᠨᠥᠬᠦᠳ ᠨᠠᠮ ᠤᠨ ᠡᠭᠦᠷ ᠤᠨ ᠭᠡᠰᠢᠭᠦᠳ ᠤᠨ ᠬᠤᠷᠠᠯ ᠢ ᠲᠥᠯᠥᠭᠡᠯᠡᠨ ᠬᠠᠷᠭᠤᠭᠤᠯᠤᠨ ᠪᠠᠶᠢᠴᠠᠭᠠᠵᠤ᠂ ᠪᠦᠬᠦ ᠨᠠᠮ ᠤᠨ ᠭᠡᠰᠢᠭᠦᠳ ᠬᠤᠶᠠᠷ ᠨᠠᠮ ᠤᠨ ᠳᠤᠭᠤᠶᠢᠯᠠᠩ ᠬᠤᠪᠢᠶᠠᠨ ᠨᠢᠭᠡ ᠨᠢᠭᠡ ᠪᠠᠷ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠬᠢᠪᠡ᠃ ᠲᠤᠰ ᠤᠳᠠᠭᠠᠨ ᠤ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠤᠨ ᠨᠠᠮ ᠤᠨ ᠭᠡᠰᠢᠭᠦᠨ ᠨᠢᠭᠡᠪᠦᠷᠢ ᠶᠢᠨ ᠣᠪᠣᠷ ᠨᠢ ᠦᠨᠡᠨᠴᠢ ᠰᠢᠳᠤᠷᠭᠤ᠂ ᠵᠠᠳᠠᠯᠤᠯᠲᠠ ᠨᠢ ᠭᠦᠨᠵᠡᠭᠡᠢ ᠪᠠᠶᠢᠵᠤ᠂ ᠨᠢᠭᠤᠷ ᠤᠯᠠᠶᠢᠯᠭᠠᠨ ᠬᠥᠯᠥᠰᠦ ᠭᠠᠷᠭᠠᠬᠤ᠂ ᠲᠠᠨᠢᠯᠲᠠ ᠪᠠᠨ ᠭᠦᠨᠵᠡᠭᠡᠶᠢᠷᠡᠭᠦᠯᠬᠦ᠂ ᠪᠦᠯᠬᠦᠮᠳᠡᠯ ᠢᠶᠠᠨ ᠴᠢᠩᠭᠠᠳᠬᠠᠬᠤ᠂ ᠠᠵᠢᠯ ᠢᠶᠠᠨ ᠰᠠᠶᠢᠵᠢᠷᠠᠭᠤᠯᠬᠤ ᠵᠣᠷᠢᠯᠭ᠎ᠠ ᠳᠠᠭᠠᠨ ᠬᠦᠷᠴᠡᠢ᠃ ᠡᠨᠡ ᠬᠤᠭᠤᠴᠠᠭᠠᠨ ᠳᠤ ᠪᠠᠰᠠ ᠨᠠᠮ ᠤᠨ ᠡᠭᠦᠷ ᠪᠣᠯᠣᠨ ᠪᠦᠬᠦ ᠨᠠᠮ ᠤᠨ ᠭᠡᠰᠢᠭᠦᠨ ᠳᠤ ᠠᠷᠠᠳᠴᠢᠯᠠᠯ ᠢᠶᠠᠷ ᠦᠨᠡᠯᠡᠯᠲᠡ ᠬᠢᠪᠡ᠃       ᠠᠮᠤᠷᠪᠠᠲᠤ ᠴᠢᠬᠤᠯᠠᠴᠢᠯᠠᠭᠰᠠᠨ ᠨᠢ᠂ ᠤᠯᠤᠰ ᠲᠦᠷᠦ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠬᠤ ᠬᠡᠷᠡᠭᠲᠡᠢ᠃ ︽ᠲᠦᠷᠪᠡᠨ ᠤᠬᠠᠮᠰᠠᠷ︾ ᠢᠶᠠᠨ ᠦᠨᠡᠨ ᠬᠦ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠨᠠᠮ ᠤᠨ ᠡᠭᠦᠷ ᠤᠨ ᠪᠦᠬᠦᠯᠢ ᠴᠣᠭᠴᠠ ᠶᠢᠨ ᠨᠢᠭᠲᠠᠷᠠᠯ ᠤᠨ ᠬᠦᠴᠦᠨ ᠪᠠ ᠲᠠᠶᠢᠴᠢᠨ ᠬᠦᠴᠦᠨ ᠢ ᠬᠦᠴᠦᠯᠡᠨ ᠴᠢᠩᠭᠠᠳᠬᠠᠬᠤ ᠬᠡᠷᠡᠭᠲᠡᠢ᠃ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠳᠤ ᠲᠥᠪ ᠴᠢᠩᠭ᠎ᠠ ᠬᠠᠨᠳᠤᠵᠤ᠂ ︽ᠨᠠᠮ ᠤᠨ ᠡᠭᠦᠷ ᠤᠨ ᠠᠵᠢᠯ ᠤᠨ ᠳᠦᠷᠢᠮ︾ ᠤᠨ ᠱᠠᠭᠠᠷᠳᠠᠯᠭ᠎ᠠ ᠲᠠᠢ ᠴᠢᠩᠭ᠎ᠠ ᠬᠠᠷᠢᠴᠠᠭᠤᠯᠵᠤ᠂ ︽ᠭᠤᠷᠪᠠᠨ ᠬᠤᠷᠠᠯ ᠨᠢᠭᠡ ᠬᠢᠴᠢᠶᠡᠯ︾ ᠪᠠ ︽ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ︾ ᠶᠢ ᠯᠠᠪᠳᠠᠭᠤᠨ ᠪᠠᠲᠤᠲᠠᠢ ᠥᠷᠨᠢᠭᠦᠯᠬᠦ ᠬᠡᠷᠡᠭᠲᠡᠢ᠃ ᠰᠤᠷᠤᠯᠴᠠᠯᠭ᠎ᠠ ᠪᠠᠨ ᠦᠷᠭᠦᠯᠵᠢᠯᠡᠨ ᠴᠢᠩᠭᠠᠳᠬᠠᠵᠤ᠂ ᠰᠤᠷᠤᠯᠴᠠᠯᠭ᠎ᠠ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠪᠠᠶᠢᠩᠭᠤ ᠰᠤᠷᠤᠯᠴᠠᠨ ᠪᠠᠶᠢᠩᠭᠤ ᠰᠢᠨ᠎ᠡ ᠶᠢ ᠡᠭᠦᠳᠴᠦ᠂ ᠭᠦᠨᠵᠡᠭᠡᠢ ᠰᠡᠳᠬᠢᠵᠦ ᠦᠢᠯᠡᠳᠦᠯᠭᠡᠵᠢᠭᠦᠯᠦᠨ ᠤᠬᠠᠪᠤᠷᠢᠯᠠᠵᠤ᠂ ᠡᠭᠦᠷᠢᠳᠡ ᠬᠤᠶᠢᠷᠭᠤᠰᠢᠬᠤ ᠦᠭᠡᠢ ᠪᠠᠶᠢᠬᠤ ᠬᠡᠷᠡᠭᠲᠡᠢ᠃ ᠡᠴᠦᠰ ᠤᠨ ᠦᠵᠦᠭᠦᠷ ᠤᠨ ᠨᠠᠶᠢᠳᠠᠪᠤᠷᠢᠵᠢᠭᠤᠯᠤᠯᠲᠠ ᠶᠢ ᠠᠩᠬᠠᠷᠴᠤ᠂ ᠠᠵᠢᠯ ᠤᠨ ᠭᠤᠣᠯᠳᠠᠯᠭ᠎ᠠ ᠪᠠᠨ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠬᠤ ᠳᠡᠭᠡᠷ᠎ᠡ ᠲᠠᠯᠪᠢᠬᠤ ᠶᠢ ᠪᠠᠷᠢᠮᠲᠠᠯᠠᠵᠤ᠂ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠬᠤ ᠳᠤ ᠬᠦᠴᠦ ᠲᠠᠯᠪᠢᠵᠤ᠂ ᠡᠯ᠎ᠡ ᠵᠦᠢᠯ ᠤᠨ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠦᠨᠡᠨᠬᠦ ᠪᠣᠳᠠᠲᠠᠢ ᠨᠠᠶᠢᠳᠠᠪᠤᠷᠢᠵᠢᠭᠤᠯᠬᠤ ᠬᠡᠷᠡᠭᠲᠡᠢ᠃ ᠠᠵᠢᠯ ᠤᠨ ᠰᠡᠳᠬᠢᠴᠡ ᠶᠢᠨ ᠰᠢᠨ᠎ᠡ ᠶᠢ ᠡᠭᠦᠳᠴᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠣᠨᠴᠠᠯᠢᠭ ᠪᠦᠬᠦᠢ ᠨᠠᠮ ᠤᠨ ᠡᠭᠦᠷ ᠤᠨ ᠠᠵᠢᠯ ᠢ ᠰᠤᠳᠤᠯᠤᠨ ᠥᠷᠨᠢᠭᠦᠯᠵᠦ᠂ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠪᠣᠳᠠᠲᠤ ᠦᠷ᠎ᠡ ᠪᠦᠲᠦᠮᠵᠢ ᠶᠢ ᠨᠡᠮᠡᠭᠳᠡᠭᠦᠯᠦᠨ᠂ ᠪᠠᠶᠢᠭᠤᠯᠤᠯᠭ᠎ᠠ ᠶᠢᠨ ᠨᠠᠮ ᠤᠨ ᠭᠡᠰᠢᠭᠦᠨ ᠺᠠᠳ᠋ᠷᠴᠤᠳ ᠤᠨ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ᠂ ᠤᠯᠠᠨ ᠲᠦᠮᠡᠨ ᠳᠤ ᠦᠢᠯᠡᠴᠢᠯᠡᠬᠦ ᠵᠡᠷᠭᠡ ᠲᠠᠯ᠎ᠠ ᠪᠠᠷ ᠬᠢ ᠦᠯᠢᠭᠡᠷ ᠳᠠᠭᠤᠷᠢᠶᠠᠯ ᠪᠣᠯᠬᠤ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃       ᠬᠤᠰᠢᠭᠤᠨ ᠤ ᠰᠢᠭᠤᠳ ᠬᠠᠷᠢᠶ᠎ᠠ ᠠᠵᠢᠯ ᠤᠨ ᠬᠤᠷᠢᠶ᠎ᠠ ᠶᠢᠨ ᠬᠠᠮᠢᠶ᠎ᠠ ᠪᠦᠬᠦᠢ ᠨᠥᠬᠦᠳ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠪᠠᠶᠢᠭᠤᠯᠤᠯᠭ᠎ᠠ ᠶᠢᠨ ᠨᠠᠮ ᠤᠨ ᠪᠤᠰᠤ ᠤᠳᠤᠷᠢᠳᠬᠤ ᠪᠠᠭ ᠤᠨ ᠭᠡᠰᠢᠭᠦᠨ ᠪᠠ ᠨᠠᠮ ᠤᠨ ᠪᠤᠰᠤ ᠠᠵᠢᠯᠲᠠᠨ ᠠᠵᠢᠯᠴᠢᠨ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠳᠤ ᠰᠤᠯᠠ ᠣᠷᠣᠯᠴᠠᠵᠠᠢ᠃    
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ