3 ᠰᠠᠷ᠎ᠠ ᠶᠢᠨ 19 ᠤ ᠡᠳᠦᠷ᠂ ᠪᠦᠬᠦ ᠬᠤᠰᠢᠭᠤᠨ ᠤ ᠠᠶᠣᠯᠬᠦᠢ ᠦᠢᠯᠡᠳᠪᠦᠷᠢᠯᠡᠯ ᠪᠠ ᠣᠢ ᠰᠢᠭᠤᠢ ᠨᠣᠲᠤᠭ ᠪᠡᠯᠴᠢᠭᠡᠷ ᠤᠨ ᠭᠠᠯ ᠢ ᠰᠡᠷᠭᠡᠶᠢᠯᠡᠨ | ᠤᠨᠲᠠᠷᠠᠭᠠᠬᠤ ᠠᠵᠢᠯ ᠤᠨ ᠬᠤᠷᠠᠯ ᠬᠤᠷᠠᠯᠳᠣᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠢᠦᠶ ᠸᠧᠨ | ᠴᠧᠩ ᠬᠤᠷᠠᠯ ᠡᠷᠭᠢᠯᠡᠵᠦ᠂ ᠡᠯ᠎ᠡ ᠰᠤᠮᠤ ᠪᠠᠯᠭᠠᠰᠤ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃ | ᠬᠤᠷᠠᠯ ᠠᠴᠠ ᠳᠡᠭᠡᠳᠦ ᠱᠠᠲᠤᠨ ᠤ ᠬᠠᠮᠢᠶ᠎ᠠ ᠪᠥᠬᠦᠶ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠠᠵᠢᠯ ᠤᠨ | ᠬᠠᠷᠢᠭᠤ ᠮᠡᠳᠡᠭᠦᠯᠦᠯᠲᠡ ᠶᠢ ᠰᠣᠨᠣᠰᠣᠨ᠂ ᠮᠠᠨ ᠤ ᠬᠤᠰᠢᠭᠤᠨ ᠤ ᠠᠶᠤᠯᠭᠦᠶ ᠦᠢᠯᠡᠳᠪᠦᠷᠢᠯᠡᠯ ᠪᠠ ᠣᠶ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ | ᠤᠨᠲᠠᠷᠠᠭᠠᠬᠤ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ | ᠢᠦᠢ ᠸᠧᠨ ᠴᠧᠩ᠂ ᠡᠯ᠎ᠡ ᠰᠠᠯᠠᠭ᠎ᠠ ᠮᠥᠴᠢᠷ ᠲᠠᠨᠢᠯᠲᠠ ᠪᠠᠨ ᠳᠡᠭᠡᠭᠰᠢᠯᠡᠭᠦᠯᠵᠦ᠂ ᠠᠶᠤᠯᠭᠦᠢ ᠦᠢᠯᠡᠳᠪᠦᠷᠢᠯᠡᠯ ᠪᠠ ᠤᠢ ᠰᠢᠭᠤᠢ ᠨᠤᠲᠤᠭ ᠪᠡᠯᠴᠢᠭᠡᠷ ᠤᠨ | ᠭᠠᠯ ᠢ ᠰᠡᠷᠭᠡᠶᠢᠯᠡᠨ ᠤᠨᠲᠠᠷᠠᠭᠠᠬᠤ ᠠᠵᠢᠯ ᠤᠨ ᠲᠤᠯᠭᠠᠮ᠎ᠠ ᠰᠡᠳᠬᠢᠯᠭᠡ ᠪᠣᠯᠤᠨ ᠬᠠᠷᠢᠭᠤᠴᠠᠯᠭᠠᠲᠤ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠢᠲᠡᠭᠡᠯ ᠵᠣᠷᠢᠭ ᠢᠶᠠᠨ | ᠪᠠᠲᠤᠳᠬᠠᠨ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠴᠢᠩᠭ᠎ᠠ ᠰᠡᠷᠭᠡᠶᠢᠯᠡᠨ ᠴᠢᠩᠭ᠎ᠠ ᠡᠵᠡᠮᠳᠡᠵᠦ᠂ ᠬᠠᠷᠢᠶ᠎ᠠ ᠣᠷᠣᠨ ᠤ ᠬᠠᠷᠢᠭᠤᠴᠠᠯᠭ᠎ᠠ ᠪᠠ ᠠᠵᠢᠯ | ᠲᠦᠷᠦᠯ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠤᠨ᠂ ᠲᠦᠷᠪᠡᠨ ᠱᠠᠲᠤ ᠬᠤᠯᠪᠣᠭᠠᠯᠠᠨ ᠬᠥᠳᠡᠯᠦᠯᠴᠡᠬᠦ ᠶᠢ ᠪᠡᠶᠡᠯᠡᠭᠦᠯᠵᠦ᠂ ᠬᠡᠭᠡᠷ᠎ᠡ ᠭᠠᠳᠠᠨ᠎ᠠ ᠭᠠᠯ | ᠬᠡᠷᠡᠭᠯᠡᠬᠦ ᠶᠢ ᠬᠢᠨᠠᠨ ᠵᠥᠪᠰᠢᠶᠡᠷᠡᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠪᠠᠶᠢᠩᠭᠤᠵᠢᠭᠤᠯᠤᠨ ᠬᠠᠮᠢᠶᠠᠷᠤᠨ ᠡᠵᠡᠮᠳᠡᠬᠦ ᠶᠢ ᠴᠢᠩᠭᠠᠳᠬᠠᠬᠤ ᠬᠡᠷᠡᠭᠲᠡᠢ᠃ | ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠬᠡᠪ ᠵᠠᠩᠰᠢᠯ ᠢ ᠥᠭᠡᠷᠡᠴᠢᠯᠡᠬᠦ᠂ ᠪᠣᠯᠪᠠᠰᠤᠨ ᠲᠠᠬᠢᠯᠭ᠎ᠠ ᠶᠢ ᠰᠠᠨᠠᠭᠠᠴᠢᠯᠠᠬᠤ ᠬᠡᠷᠡᠭᠲᠡᠶ᠃ ᠵᠢᠵᠢᠭᠦᠷᠯᠡᠨ ᠰᠠᠬᠢᠬᠤ | ᠠᠵᠢᠯ ᠢ ᠰᠠᠶᠢᠲᠤᠷ ᠬᠢᠵᠦ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠶᠤᠯᠭᠦᠶ ᠦᠢᠯᠡᠳᠪᠦᠷᠢᠯᠡᠯ ᠤᠨ ᠳᠠᠯᠳᠠ | ᠬᠡᠮ ᠢ ᠵᠢᠭᠰᠠᠭᠠᠨ ᠪᠠᠶᠢᠴᠠᠭᠠᠬᠤ ᠡᠯ᠎ᠡ ᠵᠦᠢᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠨ᠂ ᠠᠶᠤᠯᠭᠦᠶ ᠦᠢᠯᠡᠳᠪᠦᠷᠢᠯᠡᠯ ᠪᠠ ᠣᠶ ᠰᠢᠭᠤᠶ | ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠪᠠᠶᠢᠳᠠᠯ ᠤᠨ ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠬᠤ ᠶᠢ ᠪᠥᠬᠦ ᠬᠦᠴᠦᠨ ᠢᠶᠠᠷ ᠢᠶᠠᠨ ᠪᠠᠲᠤᠯᠠᠵᠤ᠂ | ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠠᠮᠤᠷ ᠲᠦᠪᠰᠢᠨ ᠠᠮᠤᠷ ᠲᠣᠭᠲᠠᠭᠤᠨ ᠣᠷᠴᠢᠨ ᠲᠣᠭᠤᠷᠢᠨ ᠢ ᠪᠣᠶ ᠪᠣᠯᠭᠠᠬᠤ | ᠬᠡᠷᠡᠭᠲᠡᠶ ᠭᠡᠵᠦ ᠴᠢᠬᠤᠯᠠᠴᠢᠯᠠᠪᠠ᠃ | | |