ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠨ᠎ᠡ ᠪᠠᠷᠭᠤ ᠵᠡᠭᠦᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ 133 ᠳ᠋ᠤᠭᠠᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/3/21
       3 ᠰᠠᠷ᠎ᠠ ᠶᠢᠨ 20 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠨ᠎ᠡ ᠪᠠᠷᠭᠤ ᠵᠡᠭᠦᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ 133 ᠳ᠋ᠤᠭᠠᠷ ᠬᠤᠷᠠᠯ ᠬᠤᠷᠠᠯᠳᠤᠪᠠ᠃       ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠨᠠᠢ ᠪᠢᠨ ᠬᠤᠷᠠᠯ ᠡᠷᠭᠢᠯᠡᠵᠦ ᠶᠠᠷᠢᠶ᠎ᠠ ᠲᠠᠯᠪᠢᠪᠠ᠃ ᠭᠡᠷ ᠲᠡᠭᠡᠨ ᠪᠠᠶᠢᠭ᠎ᠠ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠵᠠᠢ᠃ ᠠᠮᠤᠷᠪᠠᠲᠤ᠂ ᠪᠠᠢ ᠵᠧᠨ ᠰᠢᠶᠠᠨ ᠨᠠᠷ ᠬᠤᠷᠠᠯ ᠳᠤ ᠰᠤᠯᠠ ᠣᠷᠣᠯᠴᠠᠪᠠ᠃       ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠢ᠃ ᠬᠤᠷᠠᠯ ᠠᠴᠠ ᠵᠢᠭᠠᠵᠤ ᠭᠠᠷᠭᠠᠭᠰᠠᠨ ᠨᠢ᠂ ᠪᠥᠬᠦ ᠬᠤᠰᠢᠭᠤᠨ ᠤ ᠳᠡᠭᠡᠳᠦ ᠳᠣᠣᠷᠠᠳᠤ ᠱᠠᠲᠤ ᠪᠠᠷ ᠪᠠᠨ ︽ᠬᠤᠶᠠᠷ ᠭᠤᠶᠢᠪᠢᠰᠢ ᠦᠭᠡᠢ︾ ᠶᠢ ᠡᠷᠡᠰ ᠨᠠᠶᠢᠳᠠᠪᠤᠷᠢᠵᠢᠭᠤᠯᠵᠤ᠂ ᠵᠣᠭᠰᠣᠴᠠ ᠪᠠᠨ ᠲᠣᠭᠲᠠᠭᠠᠨ᠂ ᠰᠠᠭᠤᠷᠢ ᠪᠠᠨ ᠪᠠᠬᠢᠵᠢᠭᠦᠯᠵᠦ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠰᠢᠨ᠎ᠡ ᠶᠢ ᠡᠭᠦᠳᠬᠦ ᠶᠢ ᠴᠢᠩᠭᠠᠳᠬᠠᠨ᠂ ᠭᠤᠣᠯ ᠴᠣᠭᠴᠠ ᠶᠢ ᠬᠥᠭᠵᠢᠭᠦᠯᠦᠨ ᠮᠠᠨᠳᠤᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ ᠰᠢᠨ᠎ᠡ ᠪᠠᠷᠭᠤ ᠵᠡᠭᠦᠨ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ᠃       ᠬᠤᠷᠠᠯ ᠠᠴᠠ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠬᠠᠮᠢᠶ᠎ᠠ ᠪᠦᠬᠦᠢ ᠪᠢᠴᠢᠭ ᠮᠠᠲ᠋ᠧᠷᠢᠶᠠᠯ᠂ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠬᠤ ᠶᠢᠨ ᠬᠠᠮᠲᠤ ᠪᠣᠳᠠᠲᠠᠢ ᠠᠵᠢᠯ ᠤᠨ ᠡᠭᠦᠷᠭᠡ ᠶᠢ ᠵᠠᠳᠠᠯᠵᠠᠢ᠃ ᠬᠤᠷᠠᠯ ᠠᠴᠠ ᠴᠢᠬᠤᠯᠠᠴᠢᠯᠠᠭᠰᠠᠨ ᠨᠢ᠂ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠲᠤᠬᠠᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠵᠤ᠂ ᠡᠬᠢ ᠪᠠᠶᠠᠯᠢᠭ ᠤᠨ ᠳᠠᠪᠠᠭᠤᠯᠢᠭ ᠲᠤ ᠰᠠᠭᠤᠷᠢᠯᠠᠵᠤ᠂ ᠠᠵᠢᠯ ᠤᠨ ᠴᠢᠭᠯᠡᠯ ᠢᠶᠠᠨ ᠲᠣᠳᠣᠷᠬᠠᠶᠢᠯᠠᠵᠤ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠨᠠᠷᠢᠯᠢᠭᠵᠢᠭᠤᠯᠵᠤ᠂ ᠨᠠᠶᠢᠳᠠᠪᠤᠷᠢᠵᠢᠭᠤᠯᠬᠤ ᠲᠣᠭᠲᠠᠴᠠ ᠶᠢ ᠪᠦᠷᠢᠨᠰᠢᠭᠦᠯᠵᠦ᠂ ᠬᠥᠭᠵᠢᠯᠲᠡ ᠶᠢᠨ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠭᠤᠣᠯᠳᠠᠯᠭ᠎ᠠ ᠲᠠᠢ ᠬᠦᠷᠢᠶᠡᠨ ᠤ ᠰᠢᠨ᠎ᠡ ᠰᠢᠪᠲᠤᠯᠤᠯᠲᠠ ᠶᠢ ᠪᠡᠶᠡᠯᠡᠭᠦᠯᠬᠦ ᠶᠢ ᠠᠬᠢᠭᠤᠯᠵᠤ᠂ ᠡᠯ᠎ᠡ ᠵᠦᠢᠯ ᠤᠨ ᠠᠵᠢᠯ ᠢᠶᠠᠨ ᠪᠣᠳᠠᠲᠠᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠬᠡᠷᠡᠭᠲᠡᠢ᠃       ᠬᠤᠷᠠᠯ ᠠᠴᠠ 2 ᠰᠠᠷ᠎ᠠ ᠶᠢᠨ 23 ᠤ ᠡᠳᠦᠷ ᠬᠤᠳᠠ ᠶᠢᠨ ᠨᠠᠮ ᠤᠨ ᠬᠤᠷᠢᠶᠠᠨ ᠤ ᠭᠤᠣᠯ ᠤᠳᠤᠷᠢᠳᠬᠤ ᠬᠥᠮᠥᠰ ᠤᠨ ᠲᠤᠰᠬᠠᠢ ᠰᠡᠳᠦᠪᠲᠦ ᠲᠣᠬᠢᠷᠠᠭᠤᠯᠤᠯᠲᠠ ᠶᠢᠨ ᠬᠤᠷᠠᠯ ᠠᠴᠠ ᠳᠤᠷᠠᠳᠤᠭᠰᠠᠨ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠵᠤ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃ ᠬᠤᠷᠠᠯ ᠠᠴᠠ ᠱᠠᠭᠠᠷᠳᠠᠭᠰᠠᠨ ᠨᠢ᠂ ᠠᠵᠤ ᠠᠬᠤᠢ ᠶᠢᠨ ᠠᠵᠢᠯᠯᠠᠭᠠᠨ ᠢ ᠴᠢᠩᠭ᠎ᠠ ᠠᠳᠬᠤᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢ ᠨᠠᠷᠢᠯᠢᠭ ᠨᠠᠶᠢᠷᠠᠭᠤᠯᠵᠤ᠂ ᠭᠤᠣᠯᠳᠠᠯᠭ᠎ᠠ ᠲᠠᠢ ᠡᠭᠦᠷᠭᠡ ᠶᠢ ᠴᠢᠩᠭ᠎ᠠ ᠠᠳᠬᠤᠵᠤ᠂ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠪᠣᠭᠤᠮᠲᠠ ᠰᠢᠪᠲᠤᠯᠬᠤ ᠬᠠᠮᠲᠤᠷᠠᠯ ᠤᠨ ᠬᠦᠴᠦᠨ ᠢᠶᠠᠷ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠬᠦ ᠬᠡᠷᠡᠭᠲᠡᠢ᠃       ᠬᠤᠷᠠᠯ ᠠᠴᠠ ᠪᠠᠰᠠ ᠯᠢᠦ ᠶᠢᠨ ᠭᠦᠸᠧ ᠨᠥᠬᠦᠷ ᠤᠨ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠢᠷᠡᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠭᠰᠠᠨ ᠳ᠋ᠦᠩᠨᠡᠯᠲᠡ ᠵᠢᠴᠢ ᠲᠠᠬᠢᠨ ᠬᠤᠶᠠᠷ ᠵᠢᠯ ᠠᠳᠬᠤᠬᠤ ᠪᠠᠶᠢᠷᠢᠯᠠᠭᠤᠯᠤᠯᠲᠠ ᠶᠢᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠪᠣᠯᠣᠨ ᠰᠦᠨ ᠱᠤᠤ ᠴᠧᠩ ᠨᠥᠬᠦᠷ ᠤᠨ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠪᠣᠳᠠᠲᠠᠢ ᠠᠵᠢᠯ ᠤᠨ ᠱᠠᠭᠠᠷᠳᠠᠯᠭ᠎ᠠ ᠳᠤᠷᠠᠳᠴᠠᠢ᠃     
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ