ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠳ ᠠᠶᠢᠮᠠᠭ ᠬᠤᠲᠠ ᠯᠤᠭ᠎ᠠ ᠬᠠᠷᠢᠯᠴᠠᠬᠤ ᠠᠵᠢᠯ ᠤᠨ ᠲᠣᠭᠲᠠᠴᠠ ᠶᠣᠰᠣᠭᠠᠷ᠂ 3 ᠳ᠋ᠤᠭᠠᠷ ᠰᠠᠷ᠎ᠠ ᠶᠢᠨ 17 ᠤ ᠡᠳᠦᠷ ᠠᠴᠠ | 18 ᠤ ᠡᠳᠦᠷ ᠪᠣᠯᠲᠠᠯ᠎ᠠ᠂ ᠸᠠᠩ ᠯᠢ ᠰᠢᠶᠠ ᠣᠷᠳᠣᠰ ᠬᠤᠲᠠ ᠳᠤ ᠭᠦᠨᠵᠡᠭᠡᠶᠢᠷᠡᠨ ᠪᠠᠶᠢᠴᠠᠭᠠᠨ ᠰᠤᠳᠤᠯᠵᠤ᠂ ᠨᠢᠭᠡᠳᠦᠭᠡᠷ ᠤᠯᠠᠷᠢᠯ ᠳᠤ ︽ᠡᠬᠢᠯᠡᠯᠲᠡ ᠰᠠᠶᠢᠨ︾ | ᠪᠠᠶᠢᠯᠭᠠᠬᠤ ᠶᠢ ᠰᠢᠮᠳᠠᠭᠤᠯᠤᠨ ᠵᠢᠯᠣᠭᠤᠳᠪᠠ᠃ | | | 3 ᠳ᠋ᠤᠭᠠᠷ ᠰᠠᠷ᠎ᠠ ᠶᠢᠨ 17 ᠤ ᠡᠳᠦᠷ᠂ ᠸᠠᠩ ᠯᠢ ᠰᠢᠶᠠ ᠣᠷᠳᠣᠰ ᠬᠤᠲᠠ ᠶᠢᠨ ᠬᠠᠩᠭᠢᠨ ᠬᠤᠰᠢᠭᠤᠨ ᠳᠤ ᠱᠦᠸᠧ ᠹᠠᠩ ᠰᠢᠨ᠎ᠡ ᠡᠨᠧᠷᠭᠢ ᠶᠢᠨ | ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠤᠬᠠᠢ ᠶᠢᠨ ᠭᠠᠵᠠᠷ ᠲᠤ ᠨᠢ ᠪᠠᠶᠢᠴᠠᠭᠠᠨ ᠦᠵᠡᠪᠡ᠃ ᠰᠤᠷᠪᠤᠯᠵᠢᠯᠠᠭᠴᠢ ᠬᠠᠨ ᠴᠢᠩ ᠯᠢ | ᠰᠡᠭᠦᠳᠡᠷᠯᠡᠪᠡ | | | 3 ᠳ᠋ᠤᠭᠠᠷ ᠰᠠᠷ᠎ᠠ ᠶᠢᠨ 17 ᠤ ᠡᠳᠦᠷ᠂ ᠸᠠᠩ ᠯᠢ ᠰᠢᠶᠠ ᠣᠷᠳᠣᠰ ᠬᠤᠳᠠ ᠶᠢᠨ ᠬᠠᠩᠭᠢᠨ ᠬᠤᠰᠢᠭᠤᠨ ᠤ ᠠᠯᠲᠠᠨ ᠳᠡᠪᠡᠰᠢ ᠭᠠᠴᠠᠭᠠᠨ ᠳᠤ ᠬᠦᠷᠴᠦ᠂ | ᠲᠤᠬᠠᠢ ᠶᠢᠨ ᠭᠠᠵᠠᠷ ᠤᠨ ᠮᠠᠯᠴᠢᠨ ᠲᠠᠷᠢᠶᠠᠴᠢᠳ ᠤᠨ ᠲᠥᠯᠥᠭᠡᠯᠡᠭᠴᠢᠳ ᠲᠠᠢ ᠶᠠᠷᠢᠯᠴᠠᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠡᠯᠡ ᠮᠥᠩᠭᠦ | ᠬᠡᠷᠡᠭᠯᠡᠭᠰᠡᠨ ᠪᠠᠶᠢᠳᠠᠯ ᠢ ᠣᠶᠢᠯᠠᠭᠠᠪᠠ᠃ ᠰᠤᠷᠪᠤᠯᠵᠢᠯᠠᠭᠴᠢ ᠬᠠᠨ ᠴᠢᠩ ᠯᠢ ᠰᠡᠭᠦᠳᠡᠷᠯᠡᠪᠡ | | | 3 ᠳ᠋ᠤᠭᠠᠷ ᠰᠠᠷ᠎ᠠ ᠶᠢᠨ 18 ᠤ ᠡᠳᠦᠷ᠂ ᠸᠠᠩ ᠯᠢ ᠰᠢᠶᠠ ᠳ᠋ᠦᠩ ᠱᠧᠩ ᠲᠣᠭᠤᠷᠢᠭ ᠤᠨ ᠬᠤᠲᠠ ᠶᠢᠨ ᠲᠡᠭᠦᠷᠭᠡ ᠳᠠᠬᠢ ᠪᠠᠷᠢᠯᠭ᠎ᠠ ᠶᠢᠨ ᠬᠤᠭ ᠨᠣᠪᠰᠢ | ᠲᠦᠷ ᠣᠪᠣᠭᠠᠯᠠᠬᠤ ᠭᠠᠵᠠᠷ ᠲᠤ ᠬᠦᠷᠴᠦ ᠨᠢᠭᠤᠴᠠ ᠪᠠᠷ ᠰᠤᠷᠪᠤᠯᠵᠢᠯᠠᠨ ᠪᠠᠶᠢᠴᠠᠭᠠᠵᠤ᠂ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠪᠣᠳᠠᠲᠠᠢ ᠪᠥᠭᠡᠳ | ᠲᠦᠢᠯᠪᠤᠷᠢᠲᠠᠢ ᠥᠭᠡᠷᠡᠴᠢᠯᠡᠬᠦ ᠬᠡᠷᠡᠭᠲᠡᠢ ᠭᠡᠵᠦ ᠱᠠᠭᠠᠷᠳᠠᠪᠠ᠃ | ᠰᠤᠷᠪᠤᠯᠵᠢᠯᠠᠭᠴᠢ ᠬᠠᠨ ᠴᠢᠩ ᠯᠢ ᠰᠡᠭᠦᠳᠡᠷᠯᠡᠪᠡ | ᠠᠵᠤ ᠦᠢᠯᠡᠰ ᠤᠨ ᠬᠥᠭᠵᠢᠯᠲᠡ ᠪᠣᠯ ᠡᠨᠡ ᠤᠳᠠᠭᠠᠨ ᠤ ᠪᠠᠶᠢᠴᠠᠭᠠᠨ ᠰᠤᠳᠤᠯᠤᠯᠲᠠ ᠶᠢᠨ ᠭᠤᠣᠯᠳᠠᠯᠭ᠎ᠠ ᠪᠣᠯᠣᠨ᠎ᠠ᠂ ᠸᠠᠩ ᠯᠢ ᠰᠢᠶᠠ ᠱᠦᠸᠧ ᠹᠠᠩ ᠤᠨ | ᠰᠢᠨ᠎ᠡ ᠡᠨᠧᠷᠭᠢ ᠶᠢᠨ ᠲᠣᠮᠣ ᠰᠠᠭᠤᠷᠢᠨ ᠤ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠤᠬᠠᠢ ᠶᠢᠨ ᠭᠠᠵᠠᠷ ᠲᠤ ᠨᠢ ᠪᠠᠶᠢᠴᠠᠭᠠᠨ ᠦᠵᠡᠭᠡᠳ | ᠴᠢᠬᠤᠯᠠᠴᠢᠯᠠᠬᠤ ᠳᠤ ᠪᠠᠨ᠂ ᠬᠤᠰᠢᠭᠤ ᠰᠢᠶᠠᠨ ᠲᠣᠭᠤᠷᠢᠭ ᠢ ᠨᠢᠭᠡᠳᠦᠯᠲᠡᠢ ᠲᠥᠯᠥᠪᠯᠡᠨ ᠵᠢᠭᠠᠨ ᠵᠢᠯᠤᠭᠤᠳᠴᠤ᠂ ᠡᠨᠧᠷᠭᠢ ᠶᠢ ᠰᠠᠶᠢᠲᠤᠷ ᠨᠢᠭᠡᠳᠦᠯᠲᠡᠢ ᠲᠥᠯᠥᠪᠯᠡᠵᠦ᠂ | ᠠᠵᠤ ᠦᠢᠯᠡᠰ ᠤᠨ ᠪᠠᠶᠢᠷᠢᠰᠢᠭᠤᠯᠤᠯᠲᠠ ᠶᠢ ᠰᠠᠶᠢᠲᠤᠷ ᠨᠢᠭᠡᠳᠦᠯᠲᠡᠢ ᠲᠥᠯᠥᠪᠯᠡᠵᠦ᠂ ᠬᠦᠴᠦᠨ ᠵᠦᠢᠯ ᠤᠨ ᠪᠠᠲᠤᠯᠠᠭ᠎ᠠ ᠶᠢ ᠰᠠᠶᠢᠲᠤᠷ ᠨᠢᠭᠡᠳᠦᠯᠲᠡᠢ ᠲᠥᠯᠥᠪᠯᠡᠵᠦ᠂ | ᠢᠵᠢ ᠲᠥᠬᠦᠷ ᠰᠠᠭᠤᠷᠢ ᠪᠡᠯᠡᠳᠬᠡᠮᠵᠢ ᠶᠢ ᠰᠠᠶᠢᠲᠤᠷ ᠨᠢᠭᠡᠳᠦᠯᠲᠡᠢ ᠲᠥᠯᠥᠪᠯᠡᠬᠦ ᠬᠡᠷᠡᠭᠲᠡᠢ᠂ ᠠᠵᠤ ᠦᠢᠯᠡᠰ ᠢ ᠬᠡᠰᠡᠭ ᠪᠤᠰᠠᠭ ᠢᠶᠠᠷ ᠠᠳᠬᠤᠵᠤ ᠪᠣᠯᠬᠤ ᠦᠭᠡᠢ᠃ | ᠰᠢᠨ᠎ᠡ ᠡᠨᠧᠷᠭᠢ ᠶᠢ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ᠂ ᠲᠣᠨᠤᠭ ᠲᠥᠬᠦᠭᠡᠷᠦᠮᠵᠢ ᠦᠢᠯᠡᠳᠬᠦ᠂ ᠨᠣᠭᠤᠭᠠᠨ ᠴᠠᠬᠢᠯᠭᠠᠨ ᠢ ᠨᠣᠭᠤᠭᠠᠨ ᠡᠨᠧᠷᠭᠢ ᠪᠣᠯᠭᠠᠨ | ᠬᠤᠪᠢᠷᠠᠭᠤᠯᠬᠤ ᠶᠢ ᠨᠢᠭᠡ ᠴᠣᠭᠴᠠᠵᠢᠭᠤᠯᠤᠨ ᠠᠬᠢᠭᠤᠯᠬᠤ ᠬᠡᠷᠡᠭᠲᠡᠢ ᠭᠡᠵᠡᠢ᠃ ᠸᠠᠩ ᠯᠢ ᠰᠢᠶᠠ ᠮᠠᠯᠴᠢᠨ ᠲᠠᠷᠢᠶᠠᠴᠢᠳ ᠤᠨ ᠣᠷᠣᠯᠭ᠎ᠠ ᠶᠢᠨ ᠪᠠᠶᠢᠳᠠᠯ ᠢ ᠲᠦᠢᠯ ᠢᠶᠠᠷ | ᠬᠠᠯᠠᠮᠵᠢᠯᠠᠵᠤ᠂ ᠠᠯᠲᠠᠨ ᠳᠡᠪᠡᠰᠢ ᠭᠠᠴᠠᠭᠠᠨ ᠳᠤ᠂ ᠲᠤᠬᠠᠢ ᠶᠢᠨ ᠭᠠᠵᠠᠷ ᠤᠨ ᠮᠠᠯᠴᠢᠨ ᠲᠠᠷᠢᠶᠠᠴᠢᠳ ᠤᠨ ᠲᠥᠯᠥᠭᠡᠯᠡᠭᠴᠢ ᠲᠠᠢ ᠴᠤᠭ ᠰᠠᠭᠤᠵᠤ ᠶᠠᠷᠢᠯᠴᠠᠨ᠂ | ᠣᠷᠣᠯᠭ᠎ᠠ ᠶᠢᠨ ᠲᠠᠩᠰᠠ ᠶᠢ ᠨᠢ ᠨᠢᠭᠡᠳ ᠨᠢᠭᠡ ᠪᠠᠷ ᠪᠤᠳᠤᠵᠤ ᠥᠭᠪᠡ᠂ ᠲᠡᠭᠡᠭᠡᠳ ᠤᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠠᠴᠠ ᠡᠬᠢᠯᠡᠨ ᠮᠠᠯ ᠠᠵᠤ ᠠᠬᠤᠢ | ᠲᠠᠷᠢᠶᠠᠯᠠᠩ ᠤᠨ ᠬᠥᠭᠵᠢᠯᠲᠡ ᠶᠢ ᠲᠥᠯᠥᠪᠯᠡᠵᠦ᠂ ᠢᠯᠠᠩᠭᠤᠶ᠎ᠠ ᠶᠠᠳᠠᠭᠤ ᠠᠴᠠ ᠠᠩᠭᠢᠵᠢᠷᠠᠭᠰᠠᠨ ᠬᠢᠨᠠᠨ ᠠᠵᠢᠭᠯᠠᠬᠤ ᠬᠡᠪᠴᠢᠶᠡᠨ ᠳᠠᠬᠢ ᠡᠷᠦᠬᠡ ᠶᠢᠨ ᠣᠷᠣᠯᠭ᠎ᠠ ᠶᠢᠨ | ᠨᠡᠮᠡᠭᠳᠡᠯ ᠤᠨ ᠬᠤᠷᠳᠤᠴᠠ ᠶᠢ ᠪᠦᠬᠦ ᠤᠯᠤᠰ ᠪᠠ ᠪᠦᠬᠦ ᠣᠷᠣᠨ ᠤ ᠳᠤᠮᠳᠠᠴᠢ ᠲᠦᠪᠰᠢᠨ ᠠᠴᠠ ᠳᠣᠣᠷ᠎ᠠ ᠪᠠᠶᠢᠯᠭᠠᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠦ | ᠱᠠᠭᠠᠷᠳᠠᠪᠠ᠃ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠪᠣᠯ ᠴᠢᠬᠤᠯᠠ ᠤᠯᠤᠰ ᠲᠦᠷᠦ ᠶᠢᠨ ᠡᠭᠦᠷᠭᠡ ᠪᠣᠯᠣᠨ᠎ᠠ᠂ ᠸᠠᠩ ᠯᠢ ᠰᠢᠶᠠ ᠤᠷᠢᠳᠴᠢᠯᠠᠨ ᠮᠡᠳᠡᠭᠳᠡᠭᠰᠡᠨ ᠦᠭᠡᠢ ᠪᠠᠷ ᠬᠠᠩᠭᠢᠨ ᠬᠤᠰᠢᠭᠤᠨ ᠤ | ᠪᠣᠬᠢᠷ ᠤᠰᠤ ᠰᠢᠢᠳᠪᠦᠷᠢᠯᠡᠬᠦ ᠦᠢᠯᠡᠳᠪᠦᠷᠢ᠂ ᠳ᠋ᠦᠩᠱᠧᠩ ᠲᠣᠭᠤᠷᠢᠭ ᠤᠨ ᠬᠤᠳᠠ ᠶᠢᠨ ᠲᠡᠭᠦᠷᠭᠡ ᠳᠠᠬᠢ ᠪᠠᠷᠢᠯᠭ᠎ᠠ ᠶᠢᠨ ᠬᠤᠭ ᠨᠣᠪᠰᠢ ᠲᠦᠷ ᠣᠪᠣᠭᠠᠯᠠᠬᠤ | ᠭᠠᠵᠠᠷ ᠲᠤ ᠬᠦᠷᠴᠦ ᠨᠢᠭᠤᠴᠠ ᠪᠠᠷ ᠰᠤᠷᠪᠤᠯᠵᠢᠯᠠᠨ ᠪᠠᠶᠢᠴᠠᠭᠠᠵᠤ᠂ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠲᠥᠪ ᠤᠨ ᠪᠠ ᠥᠪᠡᠷᠲᠡᠭᠡᠨ ᠵᠠᠰᠠᠬᠤ | ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠵᠤᠷᠪᠤᠰ ᠳᠠᠷᠠᠭᠠᠯᠠᠨ ᠡᠮᠬᠢᠯᠡᠵᠦ᠂ ᠦᠨᠡᠨᠴᠢ | ᠰᠢᠳᠤᠷᠭᠤ ᠪᠠᠷ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠂ ᠨᠢᠭᠡᠨᠲᠡ ᠪᠡᠶᠡᠯᠡᠭᠦᠯᠦᠭᠰᠡᠨ ᠪᠠᠶᠢᠪᠠᠯ ᠬᠢᠨᠠᠮᠠᠭᠠᠢ ᠪᠠᠷ ︽ᠪᠤᠴᠠᠵᠤ ᠬᠠᠷᠠᠬᠤ︾ ᠠᠵᠢᠯ ᠥᠷᠨᠢᠭᠦᠯᠬᠦ ᠶᠢᠨ | ᠬᠠᠮᠲᠤ ᠨᠢᠭᠡ ᠠᠴᠠ ᠨᠦᠬᠦᠭᠡ ᠶᠢ ᠵᠦᠢᠴᠢᠯᠡᠨ᠂ ᠪᠣᠳᠠᠲᠠᠢ ᠪᠥᠭᠡᠳ ᠲᠦᠢᠯᠪᠤᠷᠢᠲᠠᠢ ᠥᠭᠡᠷᠡᠴᠢᠯᠡᠬᠦ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ | ᠸᠠᠩ ᠯᠢ ᠰᠢᠶᠠ ᠪᠠᠰᠠ ᠡᠵᠡᠨ ᠬᠤᠷᠤᠭ᠎ᠠ ᠬᠤᠰᠢᠭᠤᠨ ᠤ ᠮᠣᠩᠭᠤᠯ ᠳᠤᠮᠳᠠᠳᠤ ᠰᠤᠷᠭᠠᠭᠤᠯᠢ ᠳᠤ ᠲᠤᠰᠬᠠᠶᠢᠯᠠᠨ ᠣᠴᠢᠵᠤ᠂ ᠬᠡᠰᠡᠭ ᠰᠤᠷᠭᠠᠭᠤᠯᠢ ᠶᠢᠨ | ᠵᠠᠬᠢᠷᠤᠯ᠂ ᠪᠠᠭᠰᠢ ᠶᠢᠨ ᠲᠥᠯᠥᠭᠡᠯᠡᠭᠴᠢ᠂ ᠰᠤᠷᠭᠠᠨ ᠬᠥᠮᠦᠵᠢᠯ ᠤᠨ ᠲᠣᠪᠴᠢᠶᠠᠨ ᠤ ᠳᠠᠷᠤᠭ᠎ᠠ ᠲᠠᠢ ᠬᠠᠮᠲᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ | ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠢ ᠬᠡᠷᠬᠢᠨ ᠰᠠᠶᠢᠲᠤᠷ ᠬᠢᠬᠦ ᠶᠢ ᠰᠤᠳᠤᠯᠪᠠ᠃ ᠰᠣᠷᠣᠭᠴᠢᠳ ᠤᠨ ᠬᠢᠷᠢ ᠪᠦᠲᠦᠮᠵᠢ ᠶᠠᠮᠠᠷ ᠵᠡᠷᠭᠡ᠂ | ᠪᠠᠭᠰᠢ ᠶᠢᠨ ᠲᠣᠬᠢᠷᠠᠭᠤᠯᠤᠯᠲᠠ ᠶᠠᠮᠠᠷ ᠵᠡᠷᠭᠡ ᠪᠠᠶᠢᠬᠤ ᠶᠢ ᠸᠠᠩ ᠯᠢ ᠰᠢᠶᠠ ᠮᠠᠰᠢ ᠨᠠᠷᠢᠨ ᠠᠰᠠᠭᠤᠵᠠᠢ᠃ ᠲᠡᠷᠡ᠂ ᠪᠦᠬᠦ ᠬᠦᠴᠦ ᠪᠠᠷ ᠢᠶᠠᠨ ᠰᠢᠯᠭᠠᠯᠲᠠ ᠳᠤ | ᠪᠡᠯᠡᠳᠬᠡᠬᠦ ᠶᠢ ᠰᠠᠶᠢᠲᠤᠷ ᠠᠳᠬᠤᠵᠤ᠂ ᠬᠡᠦᠬᠡᠳ ᠨᠢᠭᠡᠪᠦᠷᠢ ᠶᠢ ᠰᠠᠶᠢᠨ ᠬᠢᠷᠢ ᠪᠦᠲᠦᠮᠵᠢ ᠲᠠᠢ ᠪᠣᠯᠭᠠᠬᠤ ᠪᠠᠷ ᠴᠢᠷᠮᠠᠶᠢᠬᠤ ᠬᠡᠷᠡᠭᠲᠡᠢ᠃ ᠶᠠᠮᠠᠷ ᠬᠥᠮᠥᠨ ᠢ | ᠬᠥᠮᠥᠵᠢᠭᠦᠯᠬᠦ᠂ ᠬᠥᠮᠥᠨ ᠢ ᠬᠡᠷᠬᠢᠨ ᠬᠥᠮᠥᠵᠢᠭᠦᠯᠬᠦ᠂ ᠬᠡᠨ ᠤ ᠲᠥᠯᠥᠭᠡ ᠬᠥᠮᠥᠨ ᠬᠥᠮᠥᠵᠢᠭᠦᠯᠬᠦ ᠦᠨᠳᠦᠰᠦᠨ ᠠᠰᠠᠭᠤᠳᠠᠯ ᠢ ᠪᠠᠲᠤ ᠴᠡᠭᠡᠵᠢᠯᠡᠵᠦ᠂ ᠥᠷᠭᠡᠨ ᠤᠯᠠᠨ | ᠰᠤᠷᠤᠭᠴᠢᠳ ᠢ ᠬᠥᠲᠥᠯᠥᠨ ᠵᠢᠯᠤᠭᠤᠳᠴᠤ ᠪᠠᠶᠢᠭᠠᠳ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠡᠷᠡᠰ ᠪᠠᠲᠤᠳᠬᠠᠵᠤ᠂ | ᠬᠡᠦᠬᠡᠳ ᠢ ᠨᠠᠮ ᠢᠶᠠᠨ ᠬᠠᠶᠢᠷᠠᠯᠠᠵᠤ ᠤᠯᠤᠰ ᠢᠶᠠᠨ ᠬᠠᠶᠢᠷᠠᠯᠠᠬᠤ᠂ ᠠᠷᠠᠳ ᠲᠦᠮᠡᠨ ᠢᠶᠠᠨ ᠬᠠᠶᠢᠷᠠᠯᠠᠬᠤ ᠲᠤᠯᠭᠠᠭᠤᠷᠢ ᠬᠦᠴᠦᠨ ᠪᠣᠯᠭᠠᠨ ᠬᠥᠮᠥᠵᠢᠭᠦᠯᠬᠦ ᠬᠡᠷᠡᠭᠲᠡᠢ | ᠭᠡᠵᠦ ᠨᠠᠶᠢᠳᠠᠪᠠ᠃ | | | 3 ᠳ᠋ᠤᠭᠠᠷ ᠰᠠᠷ᠎ᠠ ᠶᠢᠨ 18 ᠤ ᠡᠳᠦᠷ᠂ ᠸᠠᠩ ᠯᠢ ᠰᠢᠶᠠ ᠶᠠᠷᠢᠯᠴᠠᠬᠤ ᠬᠤᠷᠠᠯ ᠡᠷᠭᠢᠯᠡᠨ ᠬᠤᠷᠠᠯᠳᠤᠭᠤᠯᠵᠤ᠂ ᠣᠷᠳᠣᠰ ᠬᠤᠲᠠ ᠶᠢᠨ ᠨᠢᠭᠡᠳᠦᠭᠡᠷ | ᠤᠯᠠᠷᠢᠯ ᠳᠠᠬᠢ ᠠᠵᠤ ᠠᠬᠤᠢ ᠶᠢᠨ ᠠᠵᠢᠯᠯᠠᠭᠠᠨ ᠵᠡᠷᠭᠡ ᠪᠠᠶᠢᠳᠠᠯ ᠳᠤ ᠲᠣᠬᠢᠷᠠᠭᠤᠯᠤᠯᠲᠠ ᠬᠢᠪᠡ᠃ ᠰᠤᠷᠪᠤᠯᠵᠢᠯᠠᠭᠴᠢ ᠬᠠᠨ ᠴᠢᠩ ᠯᠢ ᠰᠡᠭᠦᠳᠡᠷᠯᠡᠪᠡ | 18 ᠤ ᠡᠳᠦᠷ ᠤᠨ ᠦᠳᠡ ᠶᠢᠨ ᠬᠤᠶᠢᠨ᠎ᠠ᠂ ᠸᠠᠩ ᠯᠢ ᠰᠢᠶᠠ ᠶᠠᠷᠢᠯᠴᠠᠬᠤ ᠬᠤᠷᠠᠯ ᠡᠷᠭᠢᠯᠡᠨ ᠬᠤᠷᠠᠯᠳᠤᠭᠤᠯᠵᠤ᠂ ᠣᠷᠳᠣᠰ ᠬᠤᠲᠠ ᠶᠢᠨ ᠨᠢᠭᠡᠳᠦᠭᠡᠷ | ᠤᠯᠠᠷᠢᠯ ᠳᠠᠬᠢ ᠠᠵᠤ ᠠᠬᠤᠢ ᠶᠢᠨ ᠠᠵᠢᠯᠯᠠᠭᠠᠨ ᠵᠡᠷᠭᠡ ᠪᠠᠶᠢᠳᠠᠯ ᠳᠤ ᠲᠣᠬᠢᠷᠠᠭᠤᠯᠤᠯᠲᠠ ᠬᠢᠪᠡ᠃ ᠲᠡᠷᠡ᠂ ︽ᠡᠬᠢᠯᠡᠯᠲᠡ ᠰᠠᠶᠢᠨ ᠪᠠᠶᠢᠯᠭᠠᠬᠤ︾᠂ ︽ᠤᠯᠠᠷᠢᠯ | ᠪᠣᠯᠭᠠᠨ ᠳᠤ ᠪᠠᠨ ᠰᠠᠶᠢᠨ ᠪᠠᠶᠢᠯᠭᠠᠬᠤ︾᠂ ︽ᠪᠥᠬᠦ ᠵᠢᠯ ᠳᠤ ᠪᠠᠨ ᠰᠠᠶᠢᠨ ᠪᠠᠶᠢᠯᠭᠠᠬᠤ︾ ᠬᠠᠷᠠᠯᠲᠠ ᠶᠢ ᠴᠢᠩᠭ᠎ᠠ ᠠᠳᠬᠤᠵᠤ᠂ ᠠᠵᠤ ᠠᠬᠤᠢ ᠶᠢᠨ ᠠᠵᠢᠯᠯᠠᠭᠠᠨ ᠤ | ᠳᠤᠮᠳᠠᠬᠢ ᠲᠣᠪᠤᠶᠢᠮ᠎ᠠ ᠠᠰᠠᠭᠤᠳᠠᠯ ᠢ ᠬᠢᠨᠠᠮᠠᠭᠠᠢ ᠵᠠᠳᠠᠯᠵᠤ᠂ ᠬᠠᠨᠳᠤᠯᠭ᠎ᠠ ᠲᠠᠢ ᠪᠠᠷ ᠰᠢᠢᠳᠪᠦᠷᠢᠯᠡᠬᠦ ᠬᠡᠷᠡᠭᠲᠡᠢ ᠭᠡᠵᠡᠢ᠃ ︽ᠵᠢᠷᠭᠤᠭᠠᠨ ᠢᠨᠵᠧᠨᠧᠷᠢᠩ︾ ᠢ | ᠭᠦᠨᠵᠡᠭᠡᠶᠢᠷᠡᠭᠦᠯᠵᠦ᠂ ︽ᠵᠢᠷᠭᠤᠭᠠᠨ ᠠᠵᠢᠯᠯᠠᠭᠠᠨ︾ ᠢ ᠰᠠᠶᠢᠲᠤᠷ ᠥᠷᠨᠢᠭᠦᠯᠵᠦ᠂ ᠠᠷᠪᠠᠨ ᠶᠡᠭᠡ ᠠᠵᠤ ᠦᠢᠯᠡᠰ ᠤᠨ ᠪᠦᠯᠦᠭᠵᠢᠯ ᠤᠨ ᠲᠣᠭᠤᠷᠢᠨ ᠳᠤ ᠠᠵᠤ | ᠦᠢᠯᠡᠰ᠂ ᠠᠵᠤ ᠠᠬᠤᠶᠢᠯᠠᠯ᠂ ᠲᠦᠷᠦᠯ ᠵᠦᠢᠯ᠂ ᠬᠤᠳᠠᠯᠳᠤᠭᠠᠴᠢᠨ ᠤᠷᠢᠬᠤ᠂ ᠠᠵᠢᠯ ᠣᠯᠭᠤᠯᠲᠠ ᠶᠢ ᠨᠢᠭᠡᠳᠦᠯᠲᠡᠢ ᠲᠥᠯᠥᠪᠯᠡᠵᠦ ᠰᠡᠳᠬᠢᠨ᠂ ᠠᠷᠭ᠎ᠠ ᠪᠦᠬᠦᠨ ᠢ | ᠰᠦᠪᠡᠭᠴᠢᠯᠡᠨ ᠤᠯᠠᠮᠵᠢᠯᠠᠯᠲᠤ ᠡᠨᠧᠷᠭᠢ ᠶᠢ ᠲᠣᠭᠲᠠᠪᠤᠷᠢᠵᠢᠭᠤᠯᠵᠤ᠂ ᠰᠢᠨ᠎ᠡ ᠡᠨᠧᠷᠭᠢ᠂ ᠤᠳᠤ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠬᠠᠲᠠᠭᠤ | ᠪᠡᠶᠡᠲᠦ ᠬᠠᠶᠠᠭᠳᠠᠮᠠᠯ ᠪᠣᠳᠠᠰ ᠢ ᠠᠰᠢᠭᠯᠠᠬᠤ ᠵᠡᠷᠭᠡ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠬᠡᠷᠡᠭᠯᠡᠵᠦ ᠪᠣᠯᠬᠤ ᠡᠬᠢ ᠪᠠᠶᠠᠯᠢᠭ ᠢ ᠬᠠᠮᠤᠭ ᠤᠨ | ᠶᠡᠭᠡ ᠬᠡᠮᠵᠢᠶ᠎ᠡ ᠪᠠᠷ ᠰᠠᠶᠢᠲᠤᠷ ᠬᠡᠷᠡᠭᠯᠡᠬᠦ ᠬᠡᠷᠡᠭᠲᠡᠢ᠃ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ | ᠰᠠᠶᠢᠲᠤᠷ ᠬᠢᠵᠦ᠂ ᠢᠨᠵᠧᠨᠧᠷᠢᠩ ᠤᠨ ᠶᠠᠰᠤ ᠴᠢᠨᠠᠷ ᠢ ᠪᠠᠲᠤᠯᠠᠵᠤ᠂ ᠨᠢᠭᠡ ᠬᠡᠰᠡᠭ ᠢ ᠪᠠᠶᠢᠭᠤᠯᠪᠠᠯ ᠲᠡᠷᠡ ᠬᠡᠰᠡᠭ ᠢᠶᠠᠨ ᠬᠥᠭᠵᠢᠭᠦᠯᠬᠦ ᠶᠢ ᠦᠨᠡᠨ ᠬᠦ ᠪᠠᠲᠤᠯᠠᠬᠤ | ᠬᠡᠷᠡᠭᠲᠡᠢ᠃ ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠯᠤᠭ᠎ᠠ ᠤᠶᠠᠯᠳᠤᠭᠤᠯᠤᠨ᠂ | ᠵᠢᠭᠰᠠᠭᠠᠨ ᠪᠠᠶᠢᠴᠠᠭᠠᠬᠤ ᠶᠢᠨ ᠳᠠᠭᠠᠤ ᠳᠤ ᠲᠣᠭᠲᠠᠴᠠ ᠪᠠᠨ ᠲᠡᠭᠦᠯᠳᠡᠷᠵᠢᠭᠦᠯᠵᠦ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠳᠤ ᠲᠡᠦᠬᠡ ᠶᠢᠨ ᠳᠤᠷᠠᠰᠬᠠᠯᠲᠤ | ᠵᠦᠢᠯᠡᠰ ᠢ ᠤᠷᠢᠳ ᠢᠶᠠᠷ ᠬᠢᠨᠠᠨ ᠪᠠᠶᠢᠴᠠᠭᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠤᠪᠣᠷ ᠨᠠᠨᠳᠢᠨ ᠲᠡᠦᠬᠡ ᠶᠢᠨ ᠳᠤᠷᠠᠰᠬᠠᠯᠲᠤ ᠵᠦᠢᠯᠡᠰ ᠢ ᠰᠠᠶᠢᠲᠤᠷ | ᠬᠠᠮᠠᠭᠠᠯᠠᠵᠤ ᠤᠯᠠᠮᠵᠢᠯᠠᠬᠤ ᠬᠡᠷᠡᠭᠲᠡᠢ ᠭᠡᠵᠡᠢ᠃ ᠲᠡᠷᠡ ᠣᠷᠳᠣᠰ ᠬᠤᠳᠠ ᠶᠢᠨ ᠥᠷᠭᠡᠨ ᠤᠯᠠᠨ ᠺᠠᠳ᠋ᠷᠴᠤᠳ ᠢ ᠢᠲᠡᠭᠡᠯ ᠵᠣᠷᠢᠭ ᠢᠶᠠᠨ ᠪᠠᠲᠤᠳᠬᠠᠨ᠂ ᠡᠷᠡᠯᠬᠡᠭᠯᠡᠨ | ᠲᠡᠮᠡᠴᠡᠵᠦ᠂ ᠪᠦᠬᠦ ᠬᠦᠴᠦᠨ ᠢᠶᠠᠷ ᠢᠶᠠᠨ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠢ ᠬᠥᠭᠵᠢᠯᠲᠡ ᠶᠢᠨ ᠲᠥᠷᠥᠭᠦᠯᠦᠭᠴᠢ ᠪᠠ ᠳᠠᠭᠠᠭᠤᠯᠤᠭᠴᠢ ᠪᠣᠯᠬᠤ | ᠬᠡᠷᠡᠭᠲᠡᠢ ᠭᠡᠵᠦ ᠵᠣᠷᠢᠭᠵᠢᠭᠤᠯᠪᠠ᠃ | | | 3 ᠳ᠋ᠤᠭᠠᠷ ᠰᠠᠷ᠎ᠠ ᠶᠢᠨ 17 ᠤ ᠡᠳᠦᠷ᠂ ᠸᠠᠩ ᠯᠢ ᠰᠢᠶᠠ ᠣᠷᠳᠣᠰ ᠬᠤᠲᠠ ᠳᠤ ᠪᠠᠶᠢᠴᠠᠭᠠᠨ ᠰᠤᠳᠤᠯᠬᠤ ᠬᠤᠭᠤᠴᠠᠭᠠᠨ ᠳᠤ ︽ᠤᠮᠠᠷᠠᠲᠤ ᠶᠢᠨ ᠭᠤᠷᠪᠠᠨ | ᠣᠷᠣᠨ︾ ᠤ ᠢᠨᠵᠧᠨᠧᠷᠢᠩ ᠤᠨ ᠮᠣᠳᠣ ᠳᠠᠷᠢᠬᠤ ᠠᠵᠢᠯᠯᠠᠭ᠎ᠠ ᠳᠤ ᠣᠷᠣᠯᠴᠠᠪᠠ᠃ ᠰᠤᠷᠪᠤᠯᠵᠢᠯᠠᠭᠴᠢ ᠬᠠᠨ ᠴᠢᠩ ᠯᠢ ᠰᠡᠭᠦᠳᠡᠷᠯᠡᠪᠡ | | | 3 ᠳ᠋ᠤᠭᠠᠷ ᠰᠠᠷ᠎ᠠ ᠶᠢᠨ 17 ᠤ ᠡᠳᠦᠷ᠂ ᠸᠠᠩ ᠯᠢ ᠰᠢᠶᠠ ᠣᠷᠳᠣᠰ ᠬᠤᠳᠠ ᠶᠢᠨ ᠳ᠋ᠦᠩᠱᠧᠩ ᠲᠣᠭᠤᠷᠢᠭ ᠲᠤ ᠴᠢᠨ ᠤ ᠠᠰᠬᠠᠨ ᠵᠠᠮ ᠤᠨ ᠪᠠᠭᠤᠷᠢ ᠶᠢᠨ | ᠬᠠᠮᠠᠭᠠᠯᠠᠯᠲᠠ ᠶᠢᠨ ᠪᠠᠶᠢᠳᠠᠯ ᠳᠤ ᠪᠠᠶᠢᠴᠠᠭᠠᠯᠲᠠ ᠬᠢᠪᠡ᠃ ᠰᠤᠷᠪᠤᠯᠵᠢᠯᠠᠭᠴᠢ ᠬᠠᠨ ᠴᠢᠩ ᠯᠢ ᠰᠡᠭᠦᠳᠡᠷᠯᠡᠪᠡ | ᠪᠠᠶᠢᠴᠠᠭᠠᠨ ᠰᠤᠳᠤᠯᠬᠤ ᠬᠤᠭᠤᠴᠠᠭᠠᠨ ᠳᠤ᠂ ᠸᠠᠩ ᠯᠢ ᠰᠢᠶᠠ ᠪᠠᠰᠠ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠮᠣᠳᠣ ᠳᠠᠷᠢᠬᠤ | ᠠᠵᠢᠯᠯᠠᠭ᠎ᠠ ᠳᠤ ᠣᠷᠣᠯᠴᠠᠵᠤ᠂ ᠴᠢᠨ ᠤ ᠠᠰᠬᠠᠨ ᠵᠠᠮ ᠤᠨ ᠪᠠᠭᠤᠷᠢ ᠶᠢᠨ ᠬᠠᠮᠠᠭᠠᠯᠠᠯᠲᠠ ᠶᠢᠨ ᠠᠵᠢᠯ ᠳᠤ ᠪᠠᠶᠢᠴᠠᠭᠠᠯᠲᠠ ᠬᠢᠪᠡ᠃ |