3 ᠰᠠᠷ᠎ᠠ ᠶᠢᠨ 20 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠵᠢᠢ ᠶᠦᠩ ᠴᠢᠶᠠᠨ ᠰᠣᠶᠣᠯ | ᠵᠢᠭᠤᠯᠴᠢᠯᠠᠯ ᠤᠨ ᠠᠵᠢᠯ ᠤᠨ ᠲᠤᠰᠬᠠᠶ ᠰᠡᠳᠦᠪᠲᠦ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠯᠪᠣᠭᠳᠠᠯ ᠪᠥᠬᠦᠶ ᠠᠵᠢᠯ ᠤᠨ ᠬᠠᠷᠢᠭᠤ | ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠢ ᠰᠤᠳᠤᠯᠤᠨ ᠪᠠᠶᠢᠷᠢᠯᠠᠭᠤᠯᠪᠠ᠃ ᠬᠤᠳᠠ ᠶᠢᠨ ᠤᠳᠤᠷᠢᠳᠤᠯᠭ᠎ᠠ ᠰᠦᠨ | ᠸᠧᠢ᠂ ᠸᠧᠨ ᠶᠢᠨ ᠯᠸᠢ ᠣᠷᠣᠯᠴᠠᠪᠠ᠃ | ᠬᠤᠷᠠᠯ ᠠᠴᠠ᠂ ᠡᠨᠡ ᠵᠢᠯ ᠤᠨ ᠠᠭᠤᠷ ᠠᠮᠢᠰᠬᠤᠯ ᠲᠦᠷᠭᠡᠨ ᠳᠤᠯᠠᠭᠠᠷᠠᠵᠤ ᠪᠠᠶᠢᠭ᠎ᠠ ᠪᠣᠯᠬᠤᠷ᠂ ᠪᠡᠯᠴᠢᠭᠡᠷ ᠰᠡᠷᠭᠦᠬᠦ ᠬᠤᠭᠤᠴᠠᠭ᠎ᠠ ᠤᠷᠢᠳᠴᠢᠯᠠᠵᠤ ᠮᠡᠳᠡᠨ᠎ᠡ᠃ | ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠬᠠᠪᠤᠷ ᠵᠤᠨ ᠤ ᠤᠯᠠᠷᠢᠯ ᠤᠨ ᠵᠤᠭᠠᠴᠠᠯ ᠤᠨ ᠠᠵᠢᠯ ᠢ ᠱᠠᠯᠠᠪᠳᠠᠨ ᠲᠥᠯᠥᠪᠵᠢᠭᠦᠯᠦᠨ ᠠᠬᠢᠭᠤᠯᠵᠤ᠂ | ᠦᠵᠡᠮᠵᠢ ᠶᠢᠨ ᠣᠷᠣᠨ᠂ ᠵᠤᠭᠠᠴᠠᠯ ᠤᠨ ᠭᠠᠵᠠᠷ᠂ ᠢᠳᠡᠭᠡᠨ ᠤᠮᠳᠠᠭᠠᠨ᠂ ᠬᠤᠨᠤᠭ ᠪᠠᠭᠤᠳᠠᠯ᠂ ᠵᠠᠮ ᠬᠠᠷᠢᠯᠴᠠᠭ᠎ᠠ ᠵᠡᠷᠭᠡ ᠠᠵᠢᠯ ᠲᠦᠷᠦᠯ ᠢ ᠤᠷᠢᠳᠴᠢᠯᠠᠨ | ᠲᠤᠬᠢᠷᠠᠭᠤᠯᠵᠤ᠂ ᠡᠷᠲᠡᠬᠡᠨ ᠡᠵᠡᠩᠨᠡᠯᠲᠡ ᠪᠠᠨ ᠰᠡᠷᠭᠦᠭᠡᠬᠦ ᠶᠢ ᠢᠳᠡᠪᠬᠢᠲᠡᠢ ᠠᠬᠢᠭᠤᠯᠵᠤ᠂ ᠵᠤᠭᠠᠴᠠᠭᠰᠠᠳ ᠢ ᠬᠦᠯᠢᠶᠡᠨ ᠠᠪᠬᠤ ᠪᠡᠯᠡᠳᠬᠡᠯ ᠢ ᠰᠠᠶᠢᠲᠤᠷ ᠬᠢᠵᠦ᠂ ᠪᠦᠬᠦ | ᠵᠢᠯ ᠤᠨ ᠰᠣᠶᠣᠯ ᠵᠤᠭᠠᠴᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠢ᠃ ︽ᠢᠮᠢᠨ ᠭᠤᠤᠯ ᠤᠨ | ᠪᠦᠰᠡᠯᠢᠭ ᠴᠡᠴᠡᠷᠯᠢᠭ ᠤᠨ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠪᠠᠶᠢᠷᠢᠯᠠᠭᠤᠯᠤᠯᠲᠠ ᠶᠢᠨ ᠲᠥᠰᠦᠯ︾ ᠢ ᠲᠦᠷᠭᠡᠳᠬᠡᠨ ᠲᠡᠭᠦᠯᠳᠡᠷᠵᠢᠭᠦᠯᠵᠦ᠂ ᠰᠣᠶᠣᠯ ᠤᠨ | ᠭᠤᠤᠯ ᠰᠡᠳᠦᠪ ᠢ ᠲᠥᠷᠥᠯ ᠵᠦᠢᠯ ᠢ ᠨᠡᠭᠡᠭᠡᠨ ᠬᠥᠭᠵᠢᠭᠦᠯᠵᠦ ᠡᠵᠡᠩᠨᠡᠬᠦ᠂ ᠠᠵᠢᠯᠯᠠᠭ᠎ᠠ ᠶᠢ ᠵᠣᠬᠢᠶᠠᠨ ᠪᠠᠶᠢᠭᠤᠯᠬᠤ᠂ ᠤᠬᠠᠭᠤᠯᠤᠨ ᠳᠡᠯᠭᠡᠷᠡᠭᠦᠯᠬᠦ᠂ ᠵᠤᠭᠠᠴᠠᠨ ᠦᠵᠡᠬᠦ | ᠦᠢᠯᠡᠴᠢᠯᠡᠭᠡ ᠵᠡᠷᠭᠡ ᠭᠤᠭᠴᠤᠭ᠎ᠠ ᠳᠤ ᠬᠤᠯᠪᠤᠯᠳᠤᠭᠤᠯᠤᠨ ᠨᠡᠪᠲᠡᠷᠡᠭᠦᠯᠵᠦ᠂ ᠣᠯᠠᠨ ᠡᠰᠢᠲᠦ ᠡᠵᠡᠩᠨᠡᠯᠲᠡ ᠶᠢᠨ ᠬᠡᠯᠪᠡᠷᠢ ᠪᠠᠶᠢᠳᠠᠯ ᠢ ᠲᠠᠰᠤᠷᠠᠯᠲᠠ ᠥᠬᠡᠶ | ᠥᠷᠭᠡᠳᠬᠡᠨ᠂ ᠦᠢᠯᠡᠴᠢᠯᠡᠭᠡᠨ ᠤ ᠴᠢᠳᠠᠮᠵᠢ ᠶᠢ ᠲᠡᠭᠦᠯᠳᠡᠷᠵᠢᠭᠦᠯᠵᠦ᠂ ᠢᠮᠢᠨ ᠭᠤᠤᠯ ᠤᠨ ᠪᠦᠰᠡᠯᠢᠭ ᠴᠡᠴᠡᠷᠯᠢᠭ ᠤᠨ ᠦᠵᠡᠮᠵᠢ ᠶᠢᠨ ᠣᠷᠣᠨ ᠢ ᠥᠨᠳᠥᠷ | ᠪᠠᠷᠢᠮᠵᠢᠶ᠎ᠠ ᠪᠠᠷ ᠴᠤᠭᠴᠠᠯᠠᠵᠤ᠂ ᠵᠤᠭᠠᠴᠠᠭᠰᠠᠳ ᠪᠠ ᠰᠠᠭᠤᠭᠠᠯᠢ ᠠᠷᠠᠳ ᠣᠯᠠᠨ ᠲᠦᠮᠡᠨ ᠳᠤ ᠨᠠᠩ ᠰᠠᠶᠢᠲᠤᠷ ᠦᠢᠯᠡᠴᠢᠯᠡᠬᠦ ᠬᠡᠷᠡᠭᠲᠡᠶ᠃ ᠠᠰᠠᠭᠤᠳᠠᠯ ᠢᠶᠠᠷ | ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ︽ᠢᠳᠡᠬᠦ ᠬᠤᠨᠤᠭᠯᠠᠬᠠᠤ ᠵᠤᠷᠴᠢᠬᠤ ᠵᠤᠭᠠᠴᠠᠬᠤ ᠬᠤᠳᠠᠯᠳᠤᠭᠠᠯᠠᠬᠤ ᠴᠡᠩᠭᠡᠭᠦ ᠡᠮᠨᠡᠬᠦᠯᠬᠦ︾ ᠪᠥᠬᠦ ᠬᠦᠴᠦᠨ ᠵᠦᠢᠯ ᠤᠨ | ᠬᠦᠴᠢᠷ ᠲᠦᠪᠡᠭᠲᠡᠶ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠰᠠᠭᠤᠷᠢ ᠲᠥᠬᠦᠭᠡᠷᠦᠮᠵᠢ ᠶᠢ ᠲᠠᠰ ᠳᠡᠪᠰᠢᠭᠦᠯᠦᠨ ᠥᠭᠡᠷᠡᠴᠢᠯᠡᠬᠦ ᠶᠢ ᠲᠦᠷᠭᠡᠳᠬᠡᠨ᠂ | ᠵᠢᠭᠤᠯᠴᠢᠯᠠᠯ ᠤᠨ ᠦᠵᠡᠮᠵᠢ ᠶᠢᠨ ᠣᠷᠣᠨ ᠤ ᠪᠠᠲᠤᠯᠠᠭ᠎ᠠ ᠶᠢᠨ ᠦᠢᠯᠡᠴᠢᠯᠡᠭᠡ ᠶᠢ ᠴᠢᠩᠭᠠᠳᠬᠠᠵᠤ᠂ ᠵᠢᠭᠤᠯᠴᠢᠯᠠᠯ ᠳᠤ ᠬᠤᠯᠪᠣᠭᠳᠠᠭᠰᠠᠨ ᠵᠠᠭᠠᠯᠳᠤᠯᠭ᠎ᠠ ᠶᠢ ᠲᠦᠷᠭᠡᠨ | ᠭᠥᠯᠢᠶᠡᠨ ᠠᠪᠴᠤ ᠰᠢᠢᠳᠪᠦᠷᠢᠯᠡᠬᠦ ᠲᠣᠭᠲᠠᠴᠠ ᠶᠢ ᠪᠦᠷᠢᠨᠰᠢᠬᠦᠯᠵᠦ᠂ ᠵᠢᠭᠤᠯᠴᠢᠯᠠᠯ ᠤᠨ ᠦᠢᠯᠡᠴᠢᠯᠡᠭᠡᠨ ᠤ ᠶᠠᠰᠤ ᠴᠢᠨᠠᠷ ᠢ ᠪᠦᠲᠦᠮᠵᠢᠲᠡᠶ ᠳᠡᠭᠡᠭᠰᠢᠯᠡᠭᠦᠯᠬᠦ ᠬᠡᠷᠡᠭᠲᠡᠶ᠃ | ᠤᠬᠠᠭᠤᠯᠤᠨ ᠳᠡᠯᠭᠡᠷᠡᠭᠦᠯᠬᠦ ᠠᠷᠭ᠎ᠠ ᠬᠡᠯᠪᠡᠷᠢ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠥᠪᠡᠷᠮᠢᠴᠡ ᠦᠨᠳᠦᠰᠦᠲᠡᠨ ᠤ ᠵᠠᠩ ᠦᠢᠯᠡ ᠶᠢᠨ ᠰᠣᠶᠣᠯ ᠲᠠᠢ | ᠤᠶᠠᠯᠳᠤᠭᠤᠯᠤᠨ᠂ ᠬᠥᠯᠥᠨ ᠪᠤᠶᠢᠷ ᠤᠨ ᠬᠠᠯᠠᠭᠤᠨ ᠳᠤᠯᠠᠭᠠᠨ ᠤᠬᠠᠭᠤᠯᠭ᠎ᠠ ᠶᠢᠨ ᠪᠦᠲᠦᠭᠡᠭᠳᠡᠬᠦᠨ ᠢ ᠭᠠᠷᠭᠠᠵᠤ᠂ ᠰᠡᠳᠬᠢᠯ ᠢ ᠳᠤᠯᠠᠭᠠᠴᠠᠭᠤᠯᠬᠤ᠂ ᠰᠠᠶᠢᠨ ᠰᠠᠶᠢᠬᠠᠨ | ᠲᠦᠷᠢ ᠲᠥᠷᠬᠦ ᠶᠢ ᠭᠦᠢᠴᠡᠳ ᠢᠯᠡᠷᠡᠭᠦᠯᠬᠦ ᠬᠡᠷᠡᠭᠲᠡᠢ᠃ ᠬᠠᠮᠢᠶ᠎ᠠ ᠪᠥᠬᠦᠶ ᠬᠤᠰᠢᠭᠤ ᠬᠤᠲᠠ ᠲᠣᠭᠤᠷᠢᠭ ᠪᠣᠯᠤᠨ ᠰᠠᠯᠠᠭ᠎ᠠ ᠮᠥᠴᠢᠷ ᠤᠳ ᠰᠣᠳᠣᠨ ᠴᠡᠴᠡᠭ | ᠰᠣᠨᠢᠷᠬᠠᠬᠤ ᠵᠠᠮ ᠱᠤᠭᠤᠮ ᠢ ᠰᠠᠶᠢᠲᠤᠷ ᠲᠥᠯᠥᠪᠵᠢᠭᠦᠯᠵᠦ᠂ ︽ᠴᠤᠤᠷᠢᠶ᠎ᠠ︾ ︽ᠲᠦᠷᠭᠡᠨ ᠭᠠᠷ︾ ᠵᠡᠷᠭᠡ ᠰᠢᠨ᠎ᠡ ᠵᠠᠭᠤᠴᠢᠯᠠᠭᠤᠷ ᠤᠨ ᠲᠠᠪᠴᠠᠩ ᠢ ᠰᠠᠶᠢᠲᠤᠷ | ᠠᠰᠢᠭᠯᠠᠨ᠂ ᠦᠷᠭᠦᠯᠵᠢᠯᠡᠨ ᠵᠥᠪ ᠲᠠᠯ᠎ᠠ ᠠᠴᠠ ᠤᠬᠠᠭᠤᠯᠤᠨ ᠳᠡᠯᠭᠡᠷᠡᠭᠦᠯᠵᠦ᠂ ᠭᠠᠳᠠᠷ ᠣᠷᠣᠨ ᠤ ᠵᠤᠭᠠᠴᠠᠭᠰᠠᠳ ᠢ ᠲᠠᠲᠠᠬᠤ ᠰᠠᠭᠤᠷᠢᠨ ᠳᠡᠭᠡᠷ᠎ᠡ᠂ ᠬᠤᠲᠠ ᠶᠢᠨ | ᠬᠡᠪᠴᠢᠶᠡᠨ ᠳᠠᠬᠢ ᠵᠤᠭᠠᠴᠠᠭᠰᠠᠳ ᠢ ᠭᠦᠢᠴᠡᠳ ᠳᠠᠶᠢᠴᠢᠯᠠᠨ᠂ ᠬᠥᠯᠥᠨ ᠪᠤᠶᠢᠷ ᠲᠤ ᠴᠡᠴᠡᠭ ᠰᠣᠨᠢᠷᠬᠠᠬᠤ ᠶᠠᠪᠤᠳᠠᠯ ᠢ ᠵᠢᠭᠤᠯᠴᠢᠯᠠᠯ ᠤᠨ ᠬᠠᠯᠠᠮᠰᠢᠯ ᠴᠡᠭ ᠪᠣᠯᠭᠠᠵᠤ᠂ | ᠬᠠᠪᠤᠷ ᠵᠣᠨ ᠤ ᠵᠢᠭᠤᠯᠴᠢᠯᠠᠯ ᠤᠨ ᠰᠢᠨ᠎ᠡ ᠥᠷᠨᠢᠯᠲᠡ ᠶᠢ ᠪᠣᠶ ᠪᠣᠯᠭᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃ | |