ᠸᠠᠩ ᠸᠠᠩ ᠱᠧᠩ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ ᠬᠤᠷᠠᠯᠳᠤᠭᠤᠯᠵᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠵᠡᠷᠭᠡ ᠠᠵᠢᠯ ᠢ ᠰᠤᠳᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2025/3/24
       3 ᠰᠠᠷ᠎ᠠ ᠶᠢᠨ 20 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠱᠦᠵᠢ ᠸᠠᠩ ᠸᠠᠩ ᠱᠧᠩ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ ᠬᠤᠷᠠᠯᠳᠤᠭᠤᠯᠪᠠ᠃       ᠬᠤᠷᠠᠯ ᠠᠴᠠ ᠲᠥᠪ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ ᠰᠤᠷᠤᠯᠴᠠᠯᠭ᠎ᠠ ᠬᠥᠮᠦᠵᠢᠯ ᠢ ᠭᠦᠨᠵᠡᠭᠡᠢ ᠥᠷᠨᠢᠭᠦᠯᠬᠦ ᠲᠤᠬᠠᠢ ᠬᠤᠯᠪᠣᠭᠳᠠᠯ ᠪᠦᠬᠦᠢ ᠬᠤᠷᠠᠯ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠪᠦᠬᠦ ᠬᠤᠳᠠ ᠳᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠬᠡᠷᠡᠭᠵᠢᠭᠦᠯᠬᠦ ᠲᠥᠰᠦᠯ︾ ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠥᠪᠯᠡᠪᠡ᠃ ᠬᠠᠷᠠᠯᠲᠠ ᠱᠠᠭᠠᠷᠳᠠᠯᠭ᠎ᠠ ᠪᠠ ᠡᠭᠦᠷᠭᠡ ᠶᠢᠨ ᠲᠣᠬᠢᠷᠠᠭᠤᠯᠤᠯᠲᠠ ᠶᠢ ᠣᠨᠣᠪᠴᠢᠲᠠᠶ ᠡᠵᠡᠮᠳᠡᠵᠦ᠂ ᠰᠤᠷᠤᠯᠴᠠᠵᠤ ᠪᠠᠶᠢᠴᠠᠭᠠᠨ ᠥᠭᠡᠷᠡᠴᠢᠯᠡᠬᠦ ᠶᠢ ᠨᠢᠭᠡ ᠴᠣᠭᠴᠠᠵᠢᠭᠤᠯᠤᠨ ᠠᠬᠢᠭᠤᠯᠵᠤ᠂ ᠰᠤᠷᠤᠯᠴᠠᠵᠤ ᠰᠤᠳᠤᠯᠤᠨ ᠶᠠᠷᠢᠯᠴᠠᠬᠤ᠂ ᠠᠰᠠᠭᠤᠳᠠᠯ ᠢ ᠪᠠᠶᠢᠴᠠᠭᠠᠨ ᠳᠡᠯᠭᠡᠬᠦ᠂ ᠲᠥᠪᠯᠡᠷᠡᠭᠦᠯᠦᠨ ᠴᠡᠭᠴᠡᠯᠡᠨ ᠵᠠᠰᠠᠬᠤ᠂ ᠡᠭᠦᠳᠡ ᠪᠠᠨ ᠨᠡᠭᠡᠭᠡᠵᠦ ᠰᠤᠷᠭᠠᠨ ᠬᠥᠮᠦᠵᠢᠭᠦᠯᠬᠦ ᠵᠡᠷᠭᠡ ᠡᠯ᠎ᠡ ᠵᠦᠢᠯ ᠤᠨ ᠡᠭᠦᠷᠭᠡ ᠶᠢ ᠲᠡᠷᠡ ᠬᠡᠪ ᠢᠶᠠᠷ ᠨᠢ ᠰᠠᠶᠢᠲᠤᠷ ᠠᠳᠬᠤᠵᠤ᠂ ᠨᠠᠮᠴᠢ ᠴᠢᠨᠠᠷ ᠨᠠᠮ ᠤᠨ ᠰᠤᠷᠲᠠᠯ ᠨᠠᠮ ᠤᠨ ᠰᠠᠬᠢᠯᠭ᠎ᠠ ᠪᠠᠲᠤ ᠶᠢ ᠵᠡᠷᠭᠡ ᠪᠠᠷ ᠠᠳᠬᠤᠬᠤ᠂ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠠᠯ ᠢ ᠡᠰᠡᠷᠭᠦᠴᠡᠬᠦ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠰᠤᠷᠲᠠᠯ ᠤᠨ ᠪᠠᠶᠢᠭᠤᠯᠤᠯᠲᠠ ᠶᠢ ᠪᠠᠶᠢᠩᠭᠤᠵᠢᠭᠤᠯᠤᠨ ᠣᠷᠳᠣ ᠬᠤᠭᠤᠴᠠᠭ᠎ᠠ ᠪᠠᠷ ᠪᠦᠲᠦᠮᠵᠢᠲᠡᠶ ᠪᠣᠯᠭᠠᠬᠤ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃       ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠨᠠᠮ ᠤᠨ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠬᠢᠬᠦ ᠲᠤᠬᠠᠢ ᠴᠢᠬᠤᠯᠠ ᠦᠵᠡᠯ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠬᠤᠲᠠ ᠶᠢᠨ ᠬᠠᠮᠢᠶ᠎ᠠ ᠪᠦᠬᠦᠢ ᠠᠵᠢᠯ ᠤᠨ ᠭᠤᠣᠯᠳᠠᠯᠭ᠎ᠠ ᠶᠢ ᠰᠤᠳᠤᠯᠤᠨ ᠬᠢᠨᠠᠨ ᠵᠥᠪᠯᠡᠪᠡ᠃ ᠲᠡᠷᠡ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠨᠢᠭᠡ ᠭᠤᠣᠯ ᠰᠢᠵᠢᠮ ᠢ ᠲᠤᠭᠤᠰᠢᠯᠠᠭᠤᠯᠵᠤ᠂ ᠶᠡᠭᠡ ᠨᠢᠭᠡᠳᠦᠮᠡᠯ ᠹᠷᠣᠨᠲ ᠤᠨ ᠠᠵᠢᠯ ᠤᠨ ᠪᠠᠶᠢᠷᠢᠰᠢᠯ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ ᠭᠡᠵᠡᠢ᠃       ᠬᠤᠷᠠᠯ ᠠᠴᠠ ᠮᠠᠨ ᠤ ᠬᠤᠲᠠ ᠶᠢᠨ 2025 ᠣᠨ ᠤ ᠬᠢᠨᠠᠨ ᠪᠤᠳᠤᠬᠤ ᠠᠵᠢᠯ ᠤᠨ ᠭᠤᠣᠯᠳᠠᠯᠭ᠎ᠠ ᠪᠠ ᠲᠥᠷᠥᠯ ᠵᠦᠢᠯ ᠤᠨ ᠲᠥᠯᠥᠪᠯᠡᠭᠡ ᠶᠢ ᠰᠤᠳᠤᠯᠤᠨ ᠬᠢᠨᠠᠨ ᠵᠥᠪᠯᠡᠵᠦ᠂ ᠡᠯ᠎ᠡ ᠱᠠᠲᠤᠨ ᠤ ᠬᠢᠨᠠᠨ ᠪᠤᠳᠤᠬᠤ ᠪᠠᠶᠢᠭᠤᠯᠭ᠎ᠠ ᠶᠢᠨ ᠬᠢᠨ ᠠᠵᠢᠯ ᠤᠨ ᠵᠥᠪ ᠴᠢᠭᠯᠡᠯ ᠢ ᠪᠠᠲᠤ ᠡᠵᠡᠮᠳᠡᠨ᠂ ᠪᠥᠬᠦ ᠬᠤᠲᠠ ᠶᠢᠨ ᠭᠤᠤᠯ ᠠᠵᠢᠯ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠨᠡᠪᠲᠡᠷᠡᠭᠦᠯᠦᠨ ᠬᠠᠮᠵᠢᠯᠴᠠᠬᠤ ᠶᠢ ᠦᠷᠭᠦᠯᠵᠢᠯᠡᠨ ᠴᠢᠩᠭᠠᠳᠬᠠᠵᠤ᠂ ᠴᠡᠭᠴᠡᠯᠡᠨ ᠰᠠᠶᠢᠵᠢᠷᠠᠭᠤᠯᠬᠤ ︽ᠲᠠᠷᠠᠭᠠᠴᠢ ᠶᠢᠨ ᠠᠵᠢᠯ︾ ᠢ ᠰᠠᠶᠢᠲᠤᠷ ᠬᠢᠵᠦ᠂ ᠬᠢᠨᠠᠨ ᠪᠤᠳᠤᠬᠤ ᠬᠢᠨᠠᠯᠲᠠ ᠲᠠᠯᠪᠢᠬᠤ ᠥᠪᠡᠷᠮᠢᠴᠡ ᠦᠢᠯᠡᠳᠦᠯ ᠢ ᠪᠦᠲᠦᠮᠵᠢᠲᠡᠶ ᠪᠠᠳᠠᠷᠠᠭᠤᠯᠬᠤ ᠬᠡᠷᠡᠭᠲᠡᠶ ᠭᠡᠵᠦ ᠱᠠᠭᠠᠷᠳᠠᠪᠠ᠃       ᠬᠤᠷᠠᠯ ᠠᠴᠠ ᠭᠤᠣᠯ  ᠨᠠᠭᠤᠷ  ᠤᠨ ᠳᠠᠷᠤᠭ᠎ᠠ ᠶᠢᠨ ᠳᠦᠷᠢᠮ ᠤᠨ ᠬᠤᠯᠪᠣᠭᠳᠠᠯ ᠪᠦᠬᠦᠢ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠤᠰᠤ ᠶᠢ ᠬᠠᠮᠢᠶᠠᠷᠴᠤ ᠤᠰᠤ ᠶᠢ ᠬᠠᠮᠠᠭᠠᠯᠠᠬᠤ ᠤᠯᠤᠰ ᠲᠦᠷᠦ ᠶᠢᠨ ᠤᠬᠠᠮᠰᠠᠷ ᠢᠶᠠᠨ ᠴᠢᠨᠠᠭᠰᠢᠳᠠ ᠳᠡᠭᠡᠭᠰᠢᠯᠡᠭᠦᠯᠵᠦ᠂ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠶᠢ ᠴᠢᠩᠭᠠᠳᠬᠠᠵᠤ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ︽ᠨᠢᠭᠡ ᠵᠢᠷᠤᠭ︾ ︽ᠨᠢᠭᠡ ᠲᠣᠣᠷ︾ ᠤᠨ ᠪᠦᠳᠦᠭᠡᠨ ᠪᠠᠶᠢᠭᠤᠯᠤᠯᠲᠠ ᠳᠤ ᠲᠦᠰᠢᠭᠯᠡᠵᠦ᠂ ᠤᠰᠤᠨ ᠤ ᠠᠮᠢ ᠠᠬᠤᠢ ᠶᠢᠨ ᠰᠢᠰᠲ᠋ᠧᠮ ᠤᠨ ᠬᠠᠮᠠᠭᠠᠯᠠᠯᠲᠠ ᠵᠠᠰᠠᠯᠲᠠ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃       ᠬᠤᠷᠠᠯ ᠠᠴᠠ᠂ ᠨᠢᠭᠡᠳᠦᠭᠡᠷ ᠤᠯᠠᠷᠢᠯ ᠤᠨ ᠵᠢᠱᠢᠭᠰᠡᠨ ᠨᠡᠮᠡᠭᠳᠡᠯ ᠤᠨ ᠬᠠᠷᠠᠯᠲᠠ ᠶᠢ ᠴᠢᠩᠭ᠎ᠠ ᠠᠩᠬᠠᠷᠴᠤ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠢ ᠲᠤᠭ᠎ᠠ ᠵᠡᠷᠭᠡ ᠵᠠᠩᠭᠢᠯᠠᠭ᠎ᠠ ᠶᠢᠨ ᠭᠦᠢᠴᠡᠳᠬᠡᠯ ᠲᠤᠭ᠎ᠠ ᠶᠢ ᠭᠦᠨᠵᠡᠭᠡᠢ ᠵᠠᠳᠠᠯᠵᠤ᠂ ᠴᠠᠭ ᠢ ᠠᠮᠵᠢᠨ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠭᠦᠢᠴᠡᠳᠬᠡᠯ ᠲᠤᠭ᠎ᠠ ᠶᠢ ᠭᠦᠢᠴᠡᠳᠬᠡᠬᠦ᠂ ᠬᠢᠵᠠᠭᠠᠷᠯᠠᠭᠰᠠᠨ ᠬᠤᠭᠤᠴᠠᠭᠠᠨ ᠳᠤ ᠠᠵᠤ ᠠᠬᠤᠶᠢᠯᠠᠯ ᠢ ᠪᠤᠶᠢᠵᠢᠭᠤᠯᠬᠤ ᠪᠠ ᠬᠥᠮᠥᠷᠭᠡ ᠳᠤ ᠣᠷᠣᠭᠤᠯᠵᠤ ᠨᠢᠭᠡᠳᠦᠯᠲᠡᠢ ᠲᠥᠯᠥᠪᠵᠢᠭᠦᠯᠬᠦ ᠠᠵᠢᠯ ᠢ ᠰᠠᠶᠢᠲᠤᠷ ᠬᠢᠬᠦ ᠬᠡᠷᠡᠭᠲᠡᠢ᠃ ᠡᠯ᠎ᠡ ᠲᠥᠷᠥᠯ ᠤᠨ ᠬᠠᠷᠢᠭᠤ ᠲᠤᠰᠬᠠᠭᠰᠠᠨ ᠠᠰᠠᠭᠤᠳᠠᠯ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠬᠦᠨᠳᠡᠢ ᠲᠣᠰᠬᠤᠨ ᠤ ᠵᠠᠰᠠᠯᠲᠠ᠂ ᠣᠶ ᠰᠢᠭᠤᠶ ᠡᠪᠡᠰᠦᠨ ᠤ ᠵᠢᠷᠤᠭ ᠲᠣᠯᠪᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠵᠡᠷᠭᠡ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠨᠢᠭᠡᠳᠦᠯᠲᠡᠶ ᠲᠥᠯᠥᠪᠯᠡᠨ ᠠᠬᠢᠭᠤᠯᠬᠤ ᠬᠡᠷᠡᠭᠲᠡᠶ‌‍ᠭᠡᠵᠦ ᠴᠢᠬᠤᠯᠠᠴᠢᠯᠠᠪᠠ᠃       ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ