ᠪᠦᠬᠦ ᠨᠡᠶᠢᠬᠡᠮ ᠲᠠᠶᠠᠭᠠᠷ ᠤᠨ ᠠᠩᠬᠠᠷᠤᠯ ᠢ ᠳᠠᠳᠠᠬᠰᠠᠨ ᠴᠠᠬᠢᠯᠭᠠᠨ ᠬᠤᠯᠪᠤᠭ᠎ᠠ ᠰᠦᠯᠵᠢᠶᠡᠨ ᠤ ᠮᠡᠬᠡᠯᠡᠯ ᠤᠨ ᠶᠠᠯᠠᠳᠤ ᠠᠵᠢᠯᠯᠠᠭ᠎ᠠ ᠳᠤ ᠲᠤᠳᠤᠭᠠᠳᠤ ᠶᠢ | ᠬᠠᠮᠠᠭᠠᠯᠠᠬᠤ ᠪᠠᠶᠢᠭᠤᠯᠭ᠎ᠠ ᠶᠢᠨ ᠬᠢᠨ ᠴᠢᠩᠭ᠎ᠠ ᠬᠦᠴᠦᠳᠡᠢ ᠴᠤᠬᠢᠯᠳᠠ ᠦᠭᠴᠦ ᠪᠠᠶᠢᠭ᠎ᠠ ᠴᠦ ᠬᠡᠰᠡᠨ ᠲᠤᠰ ᠲᠦᠷᠦᠯ ᠤᠨ ᠮᠡᠬᠡᠯᠡᠯ ᠮᠦᠨ ᠬᠦ ᠪᠠᠶᠢᠨ ᠲᠠᠬᠢᠨ ᠡᠬᠦᠰᠴᠦ | ᠯᠡ ᠪᠠᠶᠢᠨ᠎ᠠ᠃ ᠡᠬᠦᠨ ᠳᠤ ᠴᠠᠬᠢᠯᠭᠠᠨ ᠬᠤᠯᠪᠤᠭ᠎ᠠ ᠰᠦᠯᠵᠢᠶᠡᠨ ᠤ ᠮᠡᠬᠡᠯᠡᠯ ᠤᠨ ᠭᠤᠤᠯ ᠮᠡᠬᠡᠯᠡᠭᠴᠢᠳ ᠠᠴᠠ ᠭᠠᠳᠠᠨ᠎ᠠ ᠪᠠᠰᠠ ᠲᠡᠳᠡᠨ ᠤ ︽ᠪᠠᠭᠠᠵᠢ︾ ᠪᠤᠯᠤᠬᠰᠠᠳ | ᠴᠦ ᠪᠠᠭ᠎ᠠ ᠪᠤᠰᠤ ᠦᠢᠯᠡᠳᠦᠯ ᠦᠵᠡᠬᠦᠯᠵᠦ ᠪᠤᠢ᠃ ᠶᠠᠭᠤ ᠶᠢ ᠴᠠᠬᠢᠯᠭᠠᠨ ᠬᠤᠯᠪᠤᠭ᠎ᠠ ᠰᠦᠯᠵᠢᠶᠡᠨ ᠤ ᠮᠡᠬᠡᠯᠡᠯ ᠤᠨ ︽ᠪᠠᠭᠠᠵᠢ︾ ᠬᠡᠬᠦ ᠪᠤᠢ︖ ᠴᠠᠬᠢᠯᠭᠠᠨ | ᠬᠤᠯᠪᠤᠭ᠎ᠠ ᠰᠦᠯᠵᠢᠶᠡᠨ ᠤ ᠮᠡᠬᠡᠯᠡᠯ ᠤᠨ ᠶᠠᠯᠠᠳᠤ ᠠᠵᠢᠯᠯᠠᠭ᠎ᠠ ᠳᠤ ᠵᠠᠷᠢᠮ ᠬᠦᠮᠦᠨ ᠲᠤᠯᠤᠭᠠᠢ ᠦᠨᠳᠡᠶᠢᠯ ᠦᠬᠡᠢ ᠪᠠᠰᠢᠷ ᠮᠡᠭᠡ ᠭᠠᠷᠭᠠᠵᠦ᠂ ᠪᠤᠰᠤᠳ ᠢ ᠮᠡᠬᠡᠯᠡᠬᠦ ᠪᠠᠷ | ᠪᠡᠯᠡᠳᠬᠡᠨ᠎ᠡ︔ ᠵᠠᠷᠢᠮ ᠨᠢ ᠠᠮᠠ ᠬᠠᠮᠬᠢᠯ ᠦᠬᠡᠢ ᠤᠳᠠᠰᠤᠳᠠᠨ ᠬᠦᠮᠦᠰ ᠢ ᠮᠡᠬᠡᠯᠡᠯ ᠤᠨ ︽ᠤᠨᠠᠭᠤᠯᠢ︾ ᠳᠡᠶᠢᠰᠢ ᠳᠠᠳᠠᠨ᠎ᠠ︔ ᠪᠠᠰᠠ ᠵᠠᠷᠢᠮ ᠨᠢ ᠭᠤᠶᠤ | ᠬᠡᠦᠬᠡᠨ ᠢᠶᠠᠷ ᠤᠪᠯᠠᠨ ᠵᠤᠭᠤᠬ ᠳᠡᠯᠭᠡᠵᠦ ᠮᠡᠬᠡᠯᠡᠯ ᠶᠠᠪᠤᠭᠤᠯᠤᠨ᠎ᠠ ᠁ | ᠡᠳᠡᠬᠡᠷ ᠴᠠᠬᠢᠯᠭᠠᠨ ᠬᠤᠯᠪᠤᠭ᠎ᠠ ᠰᠦᠯᠵᠢᠶᠡᠨ ᠤ ᠮᠡᠬᠡᠯᠡᠯ ᠤᠨ ︽ᠪᠠᠭᠠᠵᠢ︾ ᠪᠤᠯᠤᠬᠰᠠᠳ ᠤᠨ ᠠᠵᠢᠯ ᠤᠨ ᠬᠤᠪᠢᠶᠠᠷᠢᠯᠠᠯ ᠨᠢ ᠲᠤᠳᠤᠷᠬᠠᠢ᠂ ᠵᠤᠬᠢᠶᠠᠨ | ᠪᠠᠶᠢᠭᠤᠯᠤᠯᠳᠠ ᠨᠢ ᠨᠢᠭᠲᠠ ᠴᠢᠩᠭ᠎ᠠ ᠪᠠᠶᠢᠳᠠᠭ᠃ ᠡᠳᠡᠬᠡᠷ ᠮᠡᠬᠡᠯᠡᠯ ᠤᠨ ︽ᠪᠠᠭᠠᠵᠢ︾ ᠪᠤᠯᠤᠬᠰᠡᠳ ᠠᠴᠠ ᠭᠠᠳᠠᠨ᠎ᠠ᠂ ᠪᠠᠰᠠ ᠬᠡᠳᠦᠨ ᠵᠠᠭᠤᠨ ᠲᠥᠭᠦᠷᠢᠭ ᠤᠨ | ᠲᠥᠯᠥᠭᠡ ᠥᠪᠡᠷ ᠤᠨ ᠪᠠᠩᠬᠢ ᠶᠢᠨ ᠺᠠᠷᠲ᠂ ᠭᠠᠷ ᠤᠲᠠᠰᠤᠨ ᠤ ᠺᠠᠷᠲ ᠪᠤᠶᠤ ᠵᠢᠷᠬᠢᠶ᠎ᠡ᠂ QQ ᠶᠢᠨ ᠨᠣᠮᠧᠷ ᠢᠶᠠᠨ ᠲᠦᠷᠢᠶᠡᠰᠦᠯᠡᠨ ᠬᠤᠳᠠᠯᠳᠤᠬᠤ᠂ ᠲᠤᠰᠢᠶᠠᠯ | ᠬᠠᠪᠰᠤᠷᠭᠠᠬᠤ ᠠᠵᠢᠯ ᠬᠢᠵᠦ᠂ ᠵᠢᠵᠢᠭ ᠪᠡᠯᠡᠭ ᠬᠦᠷᠭᠡᠬᠦ ᠪᠠᠷ ᠥᠭᠶᠥᠭᠡ ᠪᠣᠯᠭᠠᠨ ᠬᠥᠮᠥᠰ ᠢ ᠲᠠᠲᠠᠬᠤ᠂ ᠭᠠᠷ ᠤᠳᠠᠰᠤᠨ ᠤ ᠲᠤᠬᠠᠢ ᠮᠡᠷᠭᠡᠵᠢᠯ ᠤᠨ ᠦᠢᠯᠡᠴᠢᠯᠡᠭᠡ | ᠬᠠᠩᠭᠠᠬᠤ ᠵᠡᠷᠭᠡ ᠨᠢᠭᠡ ᠪᠦᠯᠦᠭ ᠬᠥᠮᠥᠰ ᠮᠥᠨ ᠴᠢᠨᠠᠷ ᠤᠨ ᠮᠡᠬᠡᠯᠡᠯ ᠤᠨ ᠭᠤᠭᠴᠤᠭ᠎ᠠ ᠳᠤ ᠰᠢᠭᠤᠳ ᠣᠷᠣᠯᠴᠠᠭᠰᠠᠨ ᠦᠭᠡᠢ ᠪᠤᠯᠪᠠᠴᠦ ᠴᠠᠬᠢᠯᠭᠠᠨ ᠬᠤᠯᠪᠤᠭ᠎ᠠ | ᠰᠦᠯᠵᠢᠶᠡᠨ ᠤ ᠮᠡᠬᠡᠯᠡᠯ ᠤᠨ ᠮᠡᠬᠡᠯᠡᠭᠴᠢᠳ ᠲᠤ ᠳᠠᠮ ᠢᠶᠠᠷ ᠬᠠᠪᠰᠤᠷᠤᠮᠵᠢ ᠬᠠᠩᠭᠠᠵᠤ᠂ ᠮᠦᠨ ᠬᠦ ᠮᠡᠬᠡᠯᠡᠭᠴᠢ ᠶᠢᠨ ︽ᠪᠠᠭᠠᠵᠢ︾ ᠪᠤᠯᠳᠠᠭ᠃ ᠤᠶᠢᠷ᠎ᠠ ᠶᠢᠨ | ᠵᠢᠯ ᠠᠴᠠ ᠨᠠᠭᠠᠰᠢ᠂ ᠬᠢᠯᠢ ᠶᠢᠨ ᠭᠠᠳᠠᠨᠠᠬᠢ ᠮᠡᠬᠡᠯᠡᠭᠴᠢᠳ ︽ᠦᠨᠳᠦᠷ ᠴᠠᠯᠢᠩ ᠢᠶᠠᠷ ᠠᠵᠢᠯᠳᠡᠨ ᠡᠯᠰᠡᠬᠦ︾ ᠨᠡᠷ᠎ᠡ ᠪᠠᠷ ᠮᠡᠬᠡᠯᠡᠯ ᠤᠨ ︽ᠪᠠᠭᠠᠵᠢ︾ ᠡᠷᠢᠵᠦ ᠪᠤᠢ᠃ | ᠵᠠᠷᠢᠮ ᠬᠦᠮᠦᠰ ᠤᠬᠤᠷᠬᠠᠨ ᠬᠤᠭᠤᠴᠠᠭᠠᠨ ᠳᠤ ᠶᠡᠭᠡ ᠵᠤᠭᠤᠰ ᠤᠯᠬᠤ ᠪᠤᠳᠤᠯ ᠢ ᠡᠪᠦᠷᠯᠡᠨ ᠮᠡᠬᠡᠯᠡᠭᠴᠢ ᠳᠤ ᠲᠠᠳᠠᠬᠳᠠᠨ᠂ ᠵᠠᠷᠢᠮ ᠨᠢ ᠡᠨᠡ ᠠᠵᠢᠯ ᠨᠢ | ᠲᠦᠪ ᠪᠤᠰᠤ ᠬᠡᠳᠡᠭ ᠢ ᠮᠡᠳᠡᠵᠦ ᠪᠠᠶᠢᠬᠰᠠᠨ ᠴᠦ ᠠᠮᠠᠷᠬᠠᠨ ᠵᠤᠭᠤᠰ ᠤᠯᠬᠤ ᠶᠢᠨ ᠲᠤᠯᠠᠳᠠ ᠮᠡᠬᠡᠯᠡᠭᠴᠢᠳ ᠤᠨ ︽ᠪᠠᠭᠠᠵᠢ︾ ᠪᠤᠯᠳᠠᠬ᠃ ᠴᠠᠬᠢᠯᠭᠠᠨ ᠬᠤᠯᠪᠤᠭ᠎ᠠ | ᠰᠦᠯᠵᠢᠶᠡᠨ ᠤ ᠮᠡᠬᠡᠯᠡᠯ ᠤᠨ ︽ᠪᠠᠭᠠᠵᠢ︾ ᠪᠤᠯᠤᠬᠰᠠᠳ ᠬᠦᠬᠡᠷᠦᠬᠦ᠋ᠯᠡᠯᠳᠡᠢ ᠪᠦᠬᠡᠳ ᠭᠤᠨᠢᠬᠯᠠᠯᠳᠠᠢ ᠶᠤᠮ᠃ ᠳᠡᠳᠡᠨᠡᠷ ᠦᠨᠡᠨ ᠳᠡᠭᠡᠨ ᠬᠠᠮᠤᠬ ᠤᠨ ᠪᠠᠭ᠎ᠠ ᠵᠤᠭᠤᠰ | ᠤᠯᠵᠤ᠂ ᠬᠠᠮᠤᠬ ᠤᠨ ᠮᠠᠭᠤ ᠨᠡᠷ᠎ᠡ ᠶᠢ ᠵᠡᠬᠦᠵᠦ᠂ ᠦᠪᠡᠷ ᠪᠤᠰᠤᠳ ᠢ ᠬᠤᠤᠷᠯᠠᠳᠠᠬ᠃ ᠮᠡᠬᠡᠯᠡᠭᠴᠢᠳ ︽ᠪᠠᠭᠠᠵᠢ︾ ᠬᠡᠷᠡᠭᠯᠡᠵᠦ ᠪᠠᠶᠢᠭ᠎ᠠ ᠨᠢ ᠳᠡᠳᠡᠨ ᠢ ᠠᠰᠢᠬᠯᠠᠨ | ᠦᠪᠡᠰᠦᠪᠠᠨ ᠶᠡᠭᠡ ᠵᠤᠭᠤᠰ ᠤᠯᠬᠤ ᠶᠢ ᠪᠤᠳᠤᠵᠦ ᠪᠠᠶᠢᠭ᠎ᠠ ᠪᠦᠭᠡᠳ ᠬᠡᠷᠡᠭ ᠡᠭᠦᠰᠬᠦ ᠠᠶᠤᠯ ᠲᠦᠭᠰᠢᠬᠦᠷᠢ ᠪᠠᠨ ᠪᠠᠭᠤᠷᠠᠭᠤᠯᠬᠤ ᠪᠤᠶᠦ ᠵᠠᠶᠢᠯᠠᠭᠤᠯᠵᠦ ᠪᠠᠶᠢᠭ᠎ᠠ | ᠶᠠᠪᠤᠳᠠᠯ ᠳᠡᠳᠦᠢ ᠶᠤᠮ᠃ ᠰᠦᠯᠵᠢᠶᠡᠨ ᠳᠡᠭᠡᠷᠡᠬᠢ ᠮᠡᠳᠡᠭᠡ ᠵᠠᠩᠭᠢ ᠡᠮᠬᠢ ᠵᠠᠮᠪᠠᠷᠠᠭ᠎ᠠ ᠦᠭᠡᠢ᠂ ᠦᠳᠦᠭᠡᠭᠳᠡᠨ ᠲᠠᠳᠠᠬᠳᠠᠬᠤ ᠵᠦᠢᠯ ᠮᠠᠰᠢ ᠤᠯᠠᠨ᠂ ᠪᠢᠳᠡ ᠡᠷᠬᠡᠪᠰᠢ | ᠬᠢᠴᠢᠶᠡᠨ ᠪᠣᠯᠭᠤᠮᠵᠢᠯᠠᠵᠤ᠂ ᠨᠠᠷᠢᠨ ᠬᠢᠨᠠᠮᠠᠭᠠᠢ ᠢᠯᠭᠠᠨ ᠲᠣᠳᠣᠯᠠᠵᠤ᠂ ᠵᠤᠷᠢᠬᠳᠠᠢ ᠪᠠᠷ ᠢᠯᠡᠴᠢᠯᠡᠨ ᠮᠡᠳᠡᠬᠦᠯᠵᠦ᠂ ᠴᠠᠬᠢᠯᠭᠠᠨ ᠬᠤᠯᠪᠤᠭ᠎ᠠ ᠰᠦᠯᠵᠢᠶᠡᠨ ᠤ | ᠮᠡᠬᠡᠯᠡᠯ ᠳᠤ ᠴᠢᠩᠭ᠎ᠠ ᠴᠤᠬᠢᠯᠳᠠ ᠦᠭᠬᠦ ᠴᠢᠬᠤᠯᠠᠳᠠᠢ᠃ | ᠴᠠᠬᠢᠯᠭᠠᠨ ᠬᠤᠯᠪᠤᠭ᠎ᠠ ᠰᠦᠯᠵᠢᠶᠡᠨ ᠤ ᠮᠡᠬᠡᠯᠡᠯ ᠳᠤ ᠴᠣᠬᠢᠯᠲᠠ ᠥᠭᠬᠦ ᠳᠤ ᠬᠦᠮᠦᠨ ᠪᠦᠬᠦᠨ ᠬᠠᠷᠢᠭᠤᠴᠠᠯᠭ᠎ᠠ ᠲᠠᠢ᠃ ᠪᠦᠬᠦ ᠠᠷᠠᠳ ᠲᠤ ᠮᠡᠬᠡᠯᠡᠯ ᠢ | ᠰᠡᠷᠭᠡᠶᠢᠯᠡᠬᠦ ᠤᠬᠠᠭᠤᠯᠭ᠎ᠠ ᠬᠦᠮᠦᠵᠢᠯ ᠤᠨ ᠠᠵᠢᠯ ᠢ ᠰᠠᠶᠢᠳᠤᠷ ᠬᠢᠵᠦ᠂ ᠬᠡᠦᠬᠡᠳ ᠪᠠᠭᠠᠴᠤᠳ᠂ ᠤᠶᠤᠳᠠᠨ᠂ ᠦᠳᠡᠭᠦᠰ ᠨᠠᠰᠤᠳᠠᠨ ᠵᠡᠷᠬᠡ ᠭᠤᠤᠯᠳᠠᠯᠭ᠎ᠠ ᠲᠠᠢ | ᠬᠦᠮᠦᠰ ᠲᠤ ᠠᠩᠬᠠᠷᠤᠯ ᠢᠶᠠᠨ ᠬᠠᠨᠳᠤᠭᠤᠯᠤᠨ᠂ ᠢᠳᠡᠪᠬᠢᠳᠡᠢ ᠪᠠᠷ ᠬᠡᠷᠡᠭ ᠢᠶᠠᠷ ᠬᠠᠤᠯᠢ ᠶᠢ ᠲᠠᠶᠢᠯᠪᠤᠷᠢᠯᠠᠨ᠂ ᠬᠡᠷᠡᠭ ᠢᠶᠠᠷ ᠬᠠᠤᠯᠢ ᠶᠢ ᠲᠦᠬᠡᠮᠡᠯᠵᠢᠬᠦᠯᠦᠨ᠂ ᠨᠡᠩ | ᠤᠯᠠᠨ ᠬᠦᠮᠦᠨ ᠳᠤ ᠬᠠᠤᠯᠢᠵᠢᠯ ᠤᠨ ᠤᠶᠢᠯᠠᠭᠠᠬᠳᠠᠬᠤᠨ ᠢᠶᠠᠨ ᠴᠢᠩᠭᠠᠳᠬᠠᠬᠤ ᠶᠢ ᠰᠠᠨᠠᠭᠤᠯᠤᠨ᠂ ᠦᠵᠡᠯ ᠤᠬᠠᠮᠰᠠᠷ ᠢᠶᠠᠨ ᠲᠡᠭᠡᠭᠰᠢᠯᠡᠬᠦᠯᠬᠦ ᠨᠢ ᠳᠤᠩ ᠴᠢᠬᠤᠯᠠ᠃ | |