2 ᠰᠠᠷ᠎ᠠ ᠶᠢᠨ 27 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ | ᠬᠥᠬᠡᠬᠤᠲᠠ ᠳᠤ ᠳᠤᠮᠳᠠᠳᠤ ᠤᠯᠤᠰ ᠤᠨ ᠳ᠋ᠠ ᠲᠠᠩ ᠪᠦᠯᠦᠭᠯᠡᠯ ᠬᠢᠵᠠᠭᠠᠷᠲᠤ ᠺᠣᠮᠫᠠᠨᠢ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠡᠷᠡᠭ | ᠮᠡᠳᠡᠭᠴᠢᠳ ᠤᠨ ᠳᠠᠷᠤᠭ᠎ᠠ ᠯᠢᠦᠶ ᠵᠢᠶᠦ᠋ᠨ ᠲᠠᠢ ᠠᠭᠤᠯᠵᠠᠪᠠ᠃ | | | | | 2 ᠰᠠᠷ᠎ᠠ ᠶᠢᠨ 27 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ | ᠬᠥᠬᠡᠬᠤᠲᠠ ᠳᠤ ᠳᠤᠮᠳᠠᠳᠤ ᠤᠯᠤᠰ ᠤᠨ ᠳ᠋ᠠ ᠲᠠᠩ ᠪᠦᠯᠦᠭᠯᠡᠯ ᠬᠢᠵᠠᠭᠠᠷᠲᠤ ᠺᠣᠮᠫᠠᠨᠢ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠡᠷᠡᠭ | ᠮᠡᠳᠡᠭᠴᠢᠳ ᠤᠨ ᠳᠠᠷᠤᠭ᠎ᠠ ᠯᠢᠦᠶ ᠵᠢᠶᠦ᠋ᠨ ᠲᠠᠢ ᠠᠭᠤᠯᠵᠠᠪᠠ᠃ | ᠰᠤᠷᠪᠤᠯᠵᠢᠯᠠᠭᠴᠢ ᠮᠠ ᠵᠢᠶᠠᠨ ᠪᠢᠩ ᠰᠡᠭᠦᠳᠡᠷᠯᠡᠪᠡ | ᠰᠦᠨ ᠱᠤᠤ ᠴᠧᠩ ᠯᠢᠦᠢ ᠵᠢᠶᠦ᠋ᠨ ᠨᠡᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠭᠡᠵᠦ᠂ ᠳᠤᠮᠳᠠᠳᠤ ᠤᠯᠤᠰ ᠤᠨ ᠳ᠋ᠠ ᠲᠠᠩ ᠪᠦᠯᠦᠭᠯᠡᠯ ᠤᠨ ᠤᠷᠳᠤ | ᠬᠤᠭᠤᠴᠠᠭᠠᠨ ᠤ ᠲᠤᠷᠰᠢ ᠥᠪᠥᠷ ᠮᠣᠩᠭᠤᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠤᠪᠢ ᠨᠡᠮᠡᠷᠢ ᠦᠵᠡᠭᠦᠯᠦᠭᠰᠡᠨ ᠳᠤ ᠲᠠᠯᠠᠷᠬᠠᠵᠤ ᠪᠠᠶᠢᠬᠤ ᠪᠠᠨ | ᠢᠯᠡᠳᠭᠡᠭᠰᠡᠨ ᠪᠥᠭᠡᠳ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠪᠠᠶᠢᠳᠠᠯ ᠢ ᠲᠦᠬᠦᠮ ᠲᠠᠨᠢᠯᠴᠠᠭᠤᠯᠪᠠ᠃ ᠲᠡᠷᠡ᠂ ᠥᠪᠥᠷ ᠮᠣᠩᠭᠤᠯ ᠤᠨ ᠠᠵᠤ | ᠠᠬᠤᠢ ᠶᠢᠨ ᠴᠢᠨᠠᠷ ᠰᠠᠶᠢᠲᠠᠢ ᠬᠥᠭᠵᠢᠯᠲᠡ ᠨᠢ ᠴᠢᠬᠤᠯᠠ ᠶᠡᠭᠡ ᠲᠦᠷᠦᠯ ᠵᠦᠢᠯ ᠢᠯᠠᠩᠭᠤᠶ᠎ᠠ ᠰᠢᠨ᠎ᠡ ᠡᠨᠧᠷᠭᠢ ᠶᠢᠨ ᠲᠦᠷᠦᠯ ᠵᠦᠢᠯ ᠢᠶᠠᠷ ᠲᠤᠯᠭᠠᠭᠤᠷᠢᠯᠠᠯ ᠪᠣᠯᠭᠠᠬᠤ | ᠴᠢᠬᠤᠯᠠᠲᠠᠢ᠃ ᠣᠳᠣᠬᠠᠨ ᠳᠤ᠂ ᠪᠢᠳᠡ ᠶᠠᠭ ᠬᠤᠷᠳᠤᠴᠠ ᠪᠠᠨ ᠲᠦᠷᠭᠡᠳᠭᠡᠨ ᠦᠷ᠎ᠡ ᠠᠰᠢᠭ ᠢᠶᠠᠨ ᠳᠡᠭᠡᠭᠰᠢᠯᠡᠭᠦᠯᠵᠦ ᠰᠢᠨ᠎ᠡ ᠡᠨᠧᠷᠭᠢ ᠶᠢᠨ ᠬᠥᠭᠵᠢᠯᠲᠡ ᠶᠢ | ᠠᠬᠢᠭᠤᠯᠵᠤ᠂ ᠡᠯ᠎ᠡ ᠲᠥᠷᠥᠯ ᠤᠨ ᠠᠵᠤ ᠠᠬᠤᠶᠢᠯᠠᠯ ᠤᠨ ᠮᠠᠨ ᠤ ᠣᠷᠣᠨ ᠳᠤ ᠵᠠᠬ᠎ᠠ ᠳᠡᠯᠭᠡᠭᠦᠷᠴᠢᠯᠡᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ | ᠥᠷᠨᠢᠭᠦᠯᠬᠦ ᠶᠢ ᠪᠥᠬᠦ ᠬᠦᠴᠦᠨ ᠢᠶᠠᠷ ᠢᠶᠠᠨ ᠳᠡᠮᠵᠢᠵᠦ ᠪᠠᠶᠢᠨ᠎ᠠ᠃ ᠥᠪᠥᠷ ᠮᠣᠩᠭᠤᠯ ᠪᠣᠯᠤᠨ ᠳᠤᠮᠳᠠᠳᠤ ᠤᠯᠤᠰ ᠤᠨ ᠳ᠋ᠠ ᠲᠠᠩ ᠪᠦᠯᠦᠭᠯᠡᠯ ᠰᠠᠶᠢᠨ ᠰᠠᠶᠢᠬᠠᠨ | ᠬᠠᠮᠲᠤᠷᠠᠯᠴᠠᠭᠠᠨ ᠤ ᠬᠠᠷᠢᠯᠴᠠᠭ᠎ᠠ ᠪᠠᠨ ᠪᠠᠲᠤᠯᠠᠵᠤ ᠪᠠᠶᠢᠨ᠎ᠠ᠂ ᠢᠷᠡᠭᠡᠳᠦᠢ ᠳᠤ ᠬᠠᠨᠳᠤᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ | ᠣᠷᠳᠣᠨ ᠥᠩᠭᠡᠷᠡᠭᠰᠡᠨ ᠲᠠᠢ ᠪᠠᠨ ᠠᠳᠠᠯᠢ ᠪᠠᠷ ᠳᠤᠮᠳᠠᠳᠤ ᠤᠯᠤᠰ ᠤᠨ ᠳ᠋ᠠ ᠲᠠᠩ ᠪᠦᠯᠦᠭᠯᠡᠯ ᠤᠨ ᠥᠪᠥᠷ ᠮᠣᠩᠭᠤᠯ ᠳᠠᠬᠢ ᠬᠥᠭᠵᠢᠯᠲᠡ ᠶᠢ ᠳᠡᠮᠵᠢᠬᠦ ᠪᠣᠯᠤᠨ᠎ᠠ᠃ | ᠳᠤᠮᠳᠠᠳᠤ ᠤᠯᠤᠰ ᠤᠨ ᠳ᠋ᠠ ᠲᠠᠩ ᠪᠦᠯᠦᠭᠯᠡᠯ ᠤᠨ ᠬᠢᠨ ᠲᠤᠰ ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠮᠠᠨ ᠤ ᠣᠷᠣᠨ ᠳᠠᠬᠢ ᠪᠡᠯᠡ ᠣᠷᠣᠭᠤᠯᠤᠯᠲᠠ ᠶᠢᠨ | ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠡᠨᠧᠷᠭᠢ ᠨᠥᠭᠡᠴᠡᠯᠡᠬᠦ᠂ ᠤᠰᠤᠲᠥ᠋ᠷᠥᠭᠴᠢ ᠡᠨᠧᠷᠭᠢ ᠵᠡᠷᠭᠡ ᠬᠦᠷᠢᠶᠡᠨ ᠳᠠᠬᠢ ᠲᠦᠷᠦᠯ ᠵᠦᠢᠯ ᠤᠨ | ᠬᠠᠮᠲᠤᠷᠠᠯᠴᠠᠭᠠᠨ ᠤ ᠲᠠᠯᠳᠠ ᠬᠦᠴᠦᠨ ᠢ ᠠᠭᠤᠳᠠᠯᠬᠤ ᠶᠢ ᠬᠦᠰᠡᠵᠦ ᠪᠠᠶᠢᠨ᠎ᠠ᠃ ᠬᠤᠶᠠᠷ ᠲᠠᠯ᠎ᠠ ᠪᠠᠷ ᠢᠶᠠᠨ ᠵᠥᠪᠳᠡᠯᠴᠡᠨ ᠲᠣᠭᠲᠠᠭᠰᠠᠨ ᠬᠠᠮᠲᠤᠷᠠᠯᠴᠠᠭᠠᠨ ᠤ ᠲᠦᠷᠦᠯ | ᠵᠦᠢᠯ ᠢ ᠲᠦᠷᠭᠡᠨ ᠠᠬᠢᠭᠤᠯᠵᠤ᠂ ᠡᠷᠲᠡᠬᠡᠨ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ | ᠲᠠᠯ᠎ᠠ ᠶᠢᠨ ᠬᠢᠨ ᠳᠤᠮᠳᠠᠳᠤ ᠤᠯᠤᠰ ᠤᠨ ᠳ᠋ᠠ ᠲᠠᠩ ᠪᠦᠯᠦᠭᠯᠡᠯ ᠳᠤ ᠰᠠᠶᠢᠲᠤᠷ ᠦᠢᠯᠡᠴᠢᠯᠡᠵᠦ ᠪᠠᠲᠤᠯᠠᠭ᠎ᠠ ᠬᠠᠩᠭᠠᠬᠤ ᠬᠡᠷᠡᠭᠲᠡᠢ ᠭᠡᠪᠡ᠃ | ᠯᠢᠦᠢ ᠵᠢᠶᠦ᠋ᠨ ᠥᠪᠡᠷᠲᠡᠭᠡᠨ ᠵᠠᠰᠠᠬᠤ ᠣᠷᠣᠨ ᠤ ᠤᠷᠳᠤ ᠬᠤᠭᠤᠴᠠᠭᠠᠨ ᠤ ᠲᠤᠷᠰᠢ ᠳᠤᠮᠳᠠᠳᠤ ᠤᠯᠤᠰ ᠤᠨ ᠳ᠋ᠠ ᠲᠠᠩ ᠪᠦᠯᠦᠭᠯᠡᠯ ᠳᠤ ᠦᠵᠡᠭᠦᠯᠦᠭᠰᠡᠨ | ᠳᠡᠮᠵᠢᠯᠭᠡ ᠪᠣᠯᠤᠨ ᠬᠠᠪᠰᠤᠷᠤᠯᠭ᠎ᠠ ᠳᠤ ᠲᠠᠯᠠᠷᠬᠠᠵᠤ ᠪᠠᠶᠢᠬᠤ ᠪᠠᠨ ᠢᠯᠡᠳᠭᠡᠭᠰᠡᠨ ᠪᠥᠭᠡᠳ ᠥᠪᠥᠷ ᠮᠣᠩᠭᠤᠯ ᠳᠠᠬᠢ ᠠᠵᠤ ᠦᠢᠯᠡᠰ ᠤᠨ ᠪᠠᠶᠢᠷᠢᠰᠢᠭᠤᠯᠤᠯᠲᠠ ᠪᠣᠯᠤᠨ | ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢᠶᠠᠨ ᠲᠦᠬᠦᠮ ᠲᠠᠨᠢᠯᠴᠠᠭᠤᠯᠪᠠ᠃ ᠲᠡᠷᠡ᠂ ᠳᠤᠮᠳᠠᠳᠤ ᠤᠯᠤᠰ ᠤᠨ ᠳ᠋ᠠ ᠲᠠᠩ ᠪᠦᠯᠦᠭᠯᠡᠯ ᠥᠪᠥᠷ | ᠮᠣᠩᠭᠤᠯ ᠢ ᠢᠮᠠᠭᠲᠠ ᠪᠠᠶᠢᠯᠳᠤᠬᠤ ᠪᠣᠳᠣᠯᠭ᠎ᠠ ᠶᠢᠨ ᠴᠢᠬᠤᠯᠠ ᠭᠠᠵᠠᠷ ᠪᠠ ᠬᠥᠭᠵᠢᠯᠲᠡ ᠶᠢᠨ ᠥᠨᠳᠦᠷᠯᠢᠭ ᠪᠣᠯᠭᠠᠵᠤ ᠪᠤᠢ᠂ ᠲᠠᠷᠠᠭᠠᠴᠢ ᠶᠢᠨ ᠠᠯᠬᠤᠮ ᠳᠤ | ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠪᠠ ᠠᠭᠤᠰᠤᠯᠴᠠᠵᠤ᠂ | ᠪᠠᠯᠠ ᠣᠷᠣᠭᠤᠯᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠴᠢᠬᠤᠯᠠ ᠶᠡᠭᠡ ᠲᠥᠷᠥᠯ ᠵᠦᠢᠯ ᠢ ᠤᠬᠠᠭᠠᠯᠠᠨ ᠲᠥᠯᠥᠪᠯᠡᠬᠦ ᠠᠵᠢᠯᠯᠠᠭ᠎ᠠ ᠳᠤ | ᠠᠩᠬᠠᠷᠤᠯ ᠢᠶᠠᠨ ᠲᠥᠪᠯᠡᠷᠡᠭᠦᠯᠵᠦ᠂ ᠥᠪᠥᠷ ᠮᠣᠩᠭᠤᠯ ᠢ ᠳ᠋ᠠ ᠲᠠᠩ ᠪᠦᠯᠦᠭᠯᠡᠯ ᠤᠨ ᠠᠵᠤ ᠦᠢᠯᠡᠰ ᠤᠨ ᠬᠥᠭᠵᠢᠯᠲᠡ ᠶᠢᠨ ᠴᠢᠬᠤᠯᠠ ᠭᠠᠵᠠᠷ᠂ ᠠᠵᠢᠯ ᠲᠥᠷᠥᠯ ᠤᠨ | ᠬᠦᠲᠦᠯᠦᠨ ᠳᠠᠭᠠᠭᠤᠯᠬᠤ ᠴᠢᠬᠤᠯᠠ ᠭᠠᠵᠠᠷ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠥᠨᠳᠦᠷᠯᠢᠭ ᠪᠣᠯᠭᠠᠨ ᠪᠥᠲᠥᠭᠡᠨ ᠪᠠᠶᠢᠭᠤᠯᠵᠤ᠂ | ᠥᠨᠳᠥᠷ ᠪᠠᠷᠢᠮᠵᠢᠶ᠎ᠠ ᠪᠠᠷ ᠨᠡᠶᠢᠭᠡᠮ ᠤᠨ ᠬᠠᠷᠢᠭᠤᠴᠠᠯᠭ᠎ᠠ ᠪᠠᠨ ᠭᠦᠢᠴᠡᠳᠭᠡᠵᠦ᠂ ᠥᠪᠡᠷᠲᠡᠭᠡᠨ ᠵᠠᠰᠠᠬᠤ ᠣᠷᠣᠨ ᠤ ᠰᠢᠨ᠎ᠡ ᠬᠡᠯᠪᠡᠷᠢ ᠶᠢᠨ ᠡᠨᠧᠷᠭᠢ ᠶᠢᠨ ᠰᠢᠰᠲ᠋ᠧᠮ ᠪᠠ | ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠢ ᠲᠦᠷᠭᠡᠳᠭᠡᠨ ᠪᠥᠲᠥᠭᠡᠨ ᠪᠠᠶᠢᠭᠤᠯᠬᠤ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ | ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠢ ᠪᠥᠲᠥᠭᠡᠨ ᠪᠠᠶᠢᠭᠤᠯᠬᠤ ᠳᠤ ᠪᠥᠬᠦ ᠲᠠᠯ᠎ᠠ ᠪᠠᠷ ᠬᠦᠴᠦᠨ ᠨᠡᠮᠡᠷᠢᠯᠡᠨ᠎ᠡ ᠭᠡᠪᠡ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠢᠦᠢ ᠯᠢ ᠰᠢᠨ᠂ ᠳᠤᠮᠳᠠᠳᠤ | ᠤᠯᠤᠰ ᠤᠨ ᠳ᠋ᠠ ᠲᠠᠩ ᠪᠦᠯᠦᠭᠯᠡᠯ ᠬᠢᠵᠠᠭᠠᠷᠲᠤ ᠺᠣᠮᠫᠠᠨᠢ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠶᠡᠷᠦᠩᠬᠡᠢ ᠳᠠᠭᠠᠭᠠᠮᠠᠯ ᠵᠠᠩ ᠴᠤᠸᠠᠨ | ᠵᠢᠶᠠᠩ ᠠᠭᠤᠯᠵᠠᠯᠲᠠ ᠳᠤ ᠣᠷᠣᠯᠴᠠᠵᠠᠢ᠃ |