3 ᠰᠠᠷ᠎ᠠ ᠶᠢᠨ 1 ᠤ ᠡᠳᠦᠷ᠂ ᠥᠪᠥᠷ ᠮᠣᠩᠭᠤᠯ ᠤᠨ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ 2025 ᠣᠨ ᠤ | ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠰᠤᠷᠤᠯᠭ᠎ᠠ ᠡᠬᠢᠯᠡᠬᠦ ᠶᠣᠰᠣᠯᠠᠯ ᠶᠠᠪᠤᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠱᠦᠵᠢ᠂ ᠥᠪᠥᠷ ᠮᠣᠩᠭᠤᠯ ᠤᠨ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠵᠠᠬᠢᠷᠤᠯ ᠰᠦᠨ ᠱᠤᠤ ᠴᠧᠩ | ᠬᠤᠷᠠᠯ ᠳᠤ ᠣᠷᠣᠯᠴᠠᠭᠰᠠᠨ ᠪᠦᠬᠡᠤᠨ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ | ᠪᠠᠶᠢᠭᠤᠯᠬᠤ ᠬᠡᠯᠲᠡᠰ ᠤᠨ ᠳᠠᠷᠤᠭ᠎ᠠ ᠯᠢ ᠢᠦᠶ ᠭᠠᠩ ᠬᠤᠷᠠᠯ ᠢ ᠡᠷᠭᠢᠯᠡᠪᠡ᠃ | | | | | 3 ᠰᠠᠷ᠎ᠠ ᠶᠢᠨ 1 ᠤ ᠡᠳᠦᠷ᠂ ᠥᠪᠥᠷ ᠮᠣᠩᠭᠤᠯ ᠤᠨ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ 2025 ᠣᠨ ᠤ | ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠰᠤᠷᠤᠯᠭ᠎ᠠ ᠡᠬᠢᠯᠡᠬᠦ ᠶᠣᠰᠣᠯᠠᠯ ᠶᠠᠪᠤᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠱᠦᠵᠢ᠂ ᠥᠪᠥᠷ ᠮᠣᠩᠭᠤᠯ ᠤᠨ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠵᠠᠬᠢᠷᠤᠯ ᠰᠦᠨ ᠱᠤᠤ ᠴᠧᠩ | ᠬᠤᠷᠠᠯ ᠳᠤ ᠣᠷᠣᠯᠴᠠᠭᠰᠠᠨ ᠪᠦᠬᠡᠤᠨ ᠶᠠᠷᠢᠶ᠎ᠠ ᠲᠠᠯᠪᠢᠪᠠ᠃ | ᠰᠤᠷᠪᠤᠯᠵᠢᠯᠠᠭᠴᠢ ᠮᠠ ᠵᠢᠶᠠᠨ ᠪᠢᠩ ᠰᠡᠭᠦᠳᠡᠷᠯᠡᠪᠡ | ᠰᠦᠨ ᠱᠤᠤ ᠴᠧᠩ ᠰᠤᠷᠤᠯᠭ᠎ᠠ ᠡᠬᠢᠯᠡᠬᠦ ᠶᠣᠰᠣᠯᠠᠯ ᠳᠡᠭᠡᠷ᠎ᠡ᠂ ᠨᠠᠮ ᠤᠨ ᠦᠨᠳᠦᠰᠦᠨ ᠤᠨᠤᠯ ᠢ ᠰᠤᠷᠤᠯᠴᠠᠵᠤ᠂ ᠬᠤᠪᠢᠰᠤᠩᠭᠤᠢ ᠪᠣᠳᠠᠰᠴᠢ ᠦᠵᠡᠯ | ᠪᠣᠯᠤᠨ ᠲᠡᠦᠬᠡ ᠶᠢᠨ ᠪᠣᠳᠠᠰᠴᠢ ᠦᠵᠡᠯ ᠢ ᠡᠵᠡᠮᠰᠢᠵᠦ᠂ ᠪᠠᠶᠢᠯᠳᠤᠬᠤ ᠪᠤᠳᠤᠯᠭ᠎ᠠ ᠶᠢᠨ ᠰᠡᠳᠭᠢᠬᠦᠢ ᠶᠢᠨ ᠴᠢᠳᠠᠪᠤᠷᠢ᠂ ᠬᠤᠪᠢᠰᠤᠩᠭᠤᠢ ᠰᠡᠳᠭᠢᠬᠦᠢ ᠶᠢᠨ ᠴᠢᠳᠠᠪᠤᠷᠢ᠂ | ᠶᠡᠷᠦᠩᠬᠡᠶᠢᠯᠡᠭᠰᠡᠨ ᠰᠢᠢᠳᠪᠦᠷᠢᠲᠦ ᠪᠤᠳᠤᠯᠭ᠎ᠠ ᠲᠣᠭᠲᠠᠭᠠᠬᠤ ᠴᠢᠳᠠᠪᠤᠷᠢ᠂ ᠪᠦᠬᠦ ᠲᠠᠯ᠎ᠠ ᠶᠢ ᠡᠵᠡᠮᠳᠡᠬᠦ ᠴᠢᠳᠠᠪᠤᠷᠢ ᠪᠠᠨ ᠲᠡᠭᠡᠭᠰᠢᠯᠡᠭᠦᠯᠬᠦ ᠪᠣᠯ ᠨᠠᠮ ᠤᠨ ᠭᠡᠰᠢᠭᠦᠨ | ᠺᠠᠳ᠋ᠷ ᠤᠨ ᠨᠠᠮ ᠤᠨ ᠰᠤᠷᠭᠠᠭᠤᠯᠢ ᠳᠤ ᠰᠤᠷᠤᠯᠴᠠᠬᠤ ᠭᠤᠣᠯ ᠡᠭᠦᠷᠭᠡ ᠪᠣᠯᠤᠨ᠎ᠠ᠂ ᠡᠷᠬᠡᠪᠰᠢ ᠤᠨᠤᠯ ᠢ ᠰᠤᠷᠤᠯᠴᠠᠬᠤ ᠪᠠ ᠤᠨᠤᠯ ᠢ ᠬᠡᠷᠡᠭᠯᠡᠬᠦ ᠶᠢ ᠤᠶᠠᠯᠳᠤᠭᠤᠯᠬᠤ ᠶᠢ | ᠪᠠᠷᠢᠮᠲᠠᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦ᠋ᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ | ᠰᠤᠷᠤᠯᠴᠠᠨ ᠨᠠᠷᠢᠨ ᠣᠶᠢᠯᠠᠭᠠᠵᠤ᠂ ᠮᠠᠷᠺᠰ ᠤᠨ ᠦᠵᠡᠯ ᠤᠨ ︽ᠵᠢᠩᠬᠢᠨᠢ ᠡᠷᠳᠡᠮ︾ ᠢ ᠦᠨᠡᠨ ᠬᠦ ᠠᠵᠢᠯ ᠢ ᠵᠢᠯᠣᠭᠤᠳᠬᠤ᠂ ᠬᠥᠭᠵᠢᠯᠲᠡ ᠶᠢ ᠠᠬᠢᠭᠤᠯᠬᠤ | ᠬᠦᠴᠦᠷᠬᠡᠭ ᠶᠡᠭᠡ ᠦᠵᠡᠯ ᠰᠠᠨᠠᠭᠠᠨ ᠤ ᠵᠡᠪᠰᠡᠭ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠬᠡᠯᠡᠪᠡ᠃ ᠲᠡᠷᠡ᠂ ᠠᠵᠢᠯ ᠢᠶᠠᠨ ᠰᠠᠶᠢᠲᠤᠷ ᠬᠢᠬᠦ ᠳᠤ ︽ᠦᠵᠡᠯᠲᠡ︾ | ᠪᠠᠶᠢᠬᠤ ᠬᠡᠷᠡᠭᠲᠡᠢ ᠪᠥᠭᠡᠳ ᠪᠠᠰᠠ ︽ᠠᠷᠭ᠎ᠠ︾ ᠪᠠᠶᠢᠬᠤ ᠬᠡᠷᠡᠭᠲᠡᠢ᠃ ᠨᠢᠭᠡᠳᠦᠯᠲᠡᠶ ᠲᠥᠯᠥᠪᠵᠢᠭᠦᠯᠬᠦ ᠠᠷᠭ᠎ᠠ ᠶᠢᠨ ᠣᠨᠣᠯ ᠢ ᠪᠠᠷᠢᠮᠲᠠᠯᠠᠵᠤ᠂ ᠡᠭᠦᠷᠭᠡ᠂ ᠬᠦᠴᠦᠨ᠂ | ᠴᠠᠭ ᠤᠨ ᠳᠠᠷᠠᠭᠠᠯᠠᠯ ᠢ ᠰᠠᠶᠢᠲᠤᠷ ᠨᠢᠭᠡᠳᠦᠯᠲᠡᠶ ᠲᠥᠯᠥᠪᠵᠢᠭᠦᠯᠵᠦ᠂ ᠰᠢᠨᠵᠢ ᠴᠢᠨᠠᠷ ᠢᠶᠠᠷ ᠠᠳᠠᠯᠢᠪᠲᠤᠷ ᠠᠵᠢᠯ ᠳᠤ ︽ᠠᠳᠠᠯᠢ ᠲᠥᠷᠥᠯ ᠢ ᠨᠡᠶᠢᠯᠡᠭᠦᠯᠬᠦ︾ ᠶᠢ | ᠰᠤᠷᠴᠤ᠂ ᠬᠤᠯᠪᠣᠭᠳᠠᠬᠤ ᠴᠢᠨᠠᠷ ᠢᠶᠠᠷ ᠴᠢᠩᠭ᠎ᠠ ᠠᠵᠢᠯ ᠳᠤ ︽ᠵᠡᠯ᠎ᠡ ᠤᠷᠢᠶᠠᠩᠭᠤ ᠶᠢ ᠲᠠᠲᠠᠵᠤ ᠭᠤᠸ᠎ᠠ ᠵᠢᠮᠢᠰ ᠲᠡᠭᠦᠬᠦ︾ ᠳᠡᠭᠡᠨ ᠴᠢᠳᠠᠮᠠᠭᠠᠶ ᠪᠠᠶᠢᠵᠤ᠂ ᠨᠢᠭᠲᠠ | ᠬᠤᠯᠪᠤᠭᠳᠠᠭᠰᠠᠨ ᠠᠵᠢᠯ ᠳᠤ ︽ᠡᠵᠡᠮᠳᠡᠯ ᠤᠨ ᠴᠢᠨᠠᠷᠲᠠᠶ ᠢᠨᠵᠧᠨᠧᠷᠢᠩ︾ ᠢ ᠰᠠᠶᠢᠲᠤᠷ ᠡᠵᠡᠮᠳᠡᠵᠦ᠂ ᠬᠦᠨᠳᠦ ᠬᠥᠩᠭᠡᠨ ᠠᠯᠭᠤᠷ ᠪᠠᠴᠢᠮ ᠢ ᠨᠢ ᠲᠣᠳᠣᠷᠬᠠᠶ | ᠢᠯᠭᠠᠵᠤ᠂ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠵᠤ᠂ ᠱᠠᠯᠠᠪᠳᠠᠨ ᠠᠳᠬᠤᠵᠤ ᠲᠦᠷᠭᠡᠨ ᠬᠢᠬᠦ ᠬᠡᠷᠡᠭᠲᠡᠶ᠃ ᠪᠣᠳᠠᠲᠠᠢ ᠠᠰᠠᠭᠤᠳᠠᠯ ᠢ ᠪᠣᠳᠠᠲᠠᠢ ᠪᠠᠷ ᠵᠠᠳᠠᠯᠬᠤ ᠶᠢ | ᠪᠠᠷᠢᠮᠲᠠᠯᠠᠵᠤ᠂ ᠭᠠᠵᠠᠷ ᠣᠷᠣᠨ ᠤᠴᠢᠷ ᠶᠠᠪᠤᠳᠠᠯ ᠳᠤᠨᠢ ᠲᠤᠬᠢᠷᠠᠭᠤᠯᠤᠨ ᠠᠷᠭᠠᠴᠠᠭᠠᠬᠤ ᠪᠤᠳᠤᠯᠭ᠎ᠠ ᠲᠣᠭᠲᠠᠭᠠᠵᠤ᠂ ᠡᠭᠦᠷᠭᠡ ᠪᠠᠭᠤᠯᠭᠠᠬᠤ ᠳᠠᠭᠠᠨ ᠪᠣᠳᠠᠲᠤ | ᠪᠠᠶᠢᠳᠠᠯ ᠠᠴᠠ ᠰᠠᠯᠵᠤ ᠪᠣᠯᠬᠤ ᠦᠭᠡᠢ ᠪᠠᠶᠢᠵᠤ᠂ ᠱᠠᠭᠠᠷᠳᠠᠯᠭ᠎ᠠ ᠳᠤᠷᠠᠳᠬᠤ ᠳᠠᠭᠠᠨ ᠶᠡᠭᠡ ᠤᠰᠤ ᠪᠠᠷ ᠨᠡᠯᠦ᠋ᠢᠲᠡᠯ᠎ᠡ ᠤᠰᠤᠯᠠᠵᠤ ᠪᠣᠯᠬᠤ ᠦᠭᠡᠢ ᠪᠠᠶᠢᠵᠤ᠂ | ᠨᠠᠶᠢᠳᠠᠪᠤᠷᠢᠵᠢᠭᠤᠯᠤᠯᠲᠠ ᠶᠢ ᠠᠳᠬᠤᠬᠤ ᠳᠠᠭᠠᠨ ᠱᠠᠳᠤ ᠱᠠᠳᠤ ᠪᠠᠷ ᠡᠭᠦᠷᠭᠡ ᠨᠡᠮᠡᠵᠦ ᠪᠣᠯᠬᠤ ᠦᠭᠡᠢ ᠪᠠᠶᠢᠵᠤ᠂ ᠠᠵᠢᠯ ᠬᠢᠬᠦ ᠳᠡᠭᠡᠨ ᠲᠦᠬᠦᠮ ᠶᠠᠪᠤᠳᠠᠯ ᠢ ᠶᠠᠷᠰᠢᠭ | ᠲᠦᠪᠡᠭ ᠲᠠᠢ ᠪᠣᠯᠭᠠᠵᠤ ᠪᠣᠯᠬᠤ ᠦᠭᠡᠢ ᠪᠠᠶᠢᠵᠤ᠂ ᠶᠠᠮᠠᠷ ᠠᠰᠠᠭᠤᠳᠠᠯ ᠪᠣᠯ ᠲᠡᠷᠡ ᠠᠰᠠᠭᠤᠳᠠᠯ ᠢ ᠰᠢᠢᠳᠪᠦᠷᠢᠯᠡᠵᠦ᠂ ᠬᠡᠨ ᠰᠢᠢᠳᠪᠦᠷᠢᠯᠡᠬᠦ ᠶᠣᠰᠣᠲᠠᠢ ᠠᠰᠠᠭᠤᠳᠠᠯ ᠢ | ᠲᠡᠷᠡ ᠬᠥᠮᠦᠨ ᠢ ᠨᠢ ᠡᠷᠢᠨ ᠬᠠᠷᠢᠭᠤᠴᠠᠯᠭ᠎ᠠ ᠨᠡᠬᠡᠮᠵᠢᠯᠡᠨ᠂ ᠰᠢᠢᠳᠪᠦᠷᠢᠲᠦ ᠪᠤᠳᠤᠯᠭ᠎ᠠ ᠲᠣᠭᠲᠠᠭᠠᠬᠤ ᠪᠠ ᠬᠡᠷᠡᠭᠵᠢᠭᠦᠯᠬᠦ ᠣᠨᠣᠪᠴᠢ ᠶᠢᠨ ᠬᠡᠮᠵᠢᠶ᠎ᠡ ᠶᠢ ᠳᠡᠭᠡᠭᠰᠢᠯᠡᠭᠦᠯᠬᠦ | ᠬᠡᠷᠡᠭᠲᠡᠢ᠃ ᠦᠢᠯᠡᠳᠦᠯᠭᠡ ᠶᠢᠨ ᠰᠢᠯᠭᠠᠯᠲᠠ ᠪᠠᠷ ᠪᠠᠷᠢᠮᠵᠢᠶ᠎ᠠ ᠪᠣᠯᠭᠠᠬᠤ ᠶᠢ ᠪᠠᠷᠢᠮᠲᠠᠯᠠᠵᠤ᠂ ︽ᠶᠠᠪᠤᠴᠠ ᠶᠢ ᠴᠢᠬᠤᠯᠠᠴᠢᠯᠠᠭᠠᠳ ᠦᠷ᠎ᠡ ᠳ᠋ᠦᠩ ᠢ ᠴᠢᠬᠤᠯᠠᠴᠢᠯᠠᠬᠤ | ᠦᠭᠡᠢ︾ ᠪᠠᠶᠢᠬᠤ ᠤᠬᠠᠮᠰᠠᠷ ᠢ ᠲᠠᠶᠠᠭᠳᠠᠵᠤ᠂ ᠳᠡᠭᠡᠳᠦ ᠱᠠᠳᠤ ᠶᠢᠨ ᠬᠢᠨ ᠶᠠᠪᠤᠴᠠ ᠳᠤ ᠭᠠᠷ ᠲᠦᠷᠦᠬᠦ ᠶᠢ ᠦᠨᠡᠨ ᠬᠦ ᠪᠠᠭᠠᠰᠬᠠᠵᠤ᠂ ᠲᠤᠤᠷᠠᠳᠤ | ᠱᠠᠲᠤᠨ ᠤ ᠬᠢᠨ ᠳᠤ ᠪᠦᠲᠦᠭᠡᠯᠴᠢ ᠴᠢᠨᠠᠷᠲᠠᠢ ᠨᠠᠶᠢᠳᠠᠪᠤᠷᠢᠵᠢᠭᠤᠯᠬᠤ ᠨᠡᠩ ᠤᠯᠠᠨ ᠣᠷᠣᠨ ᠵᠠᠢ ᠥᠭᠴᠦ᠂ ᠲᠤᠤᠷᠠᠳᠤ ᠱᠠᠳᠤᠨ ᠤ ᠬᠢᠨ ᠠᠯᠢᠪᠠ ᠤᠴᠢᠷ ᠶᠠᠪᠤᠳᠠᠯ ᠢ | ᠴᠦᠮ ᠦᠷ᠎ᠡ ᠳ᠋ᠦᠩ ᠢᠶᠠᠷ ᠶᠠᠷᠢᠯᠴᠠᠵᠤ᠂ ᠤᠶᠤᠨ ᠴᠢᠳᠠᠯ ᠢᠶᠠᠨ ᠪᠣᠳᠠᠲᠤ ᠶᠠᠪᠤᠳᠠᠯ ᠬᠢᠵᠦ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ ᠳᠡᠭᠡᠷ᠎ᠡ ᠲᠠᠯᠪᠢᠬᠤ ᠬᠡᠷᠡᠭᠲᠡᠢ᠃ | ᠪᠦᠬᠦ ᠰᠡᠳᠭᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠶᠢ ᠪᠠᠷᠢᠮᠲᠠᠯᠠᠵᠤ᠂ ᠬᠦᠰᠡᠯ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠨ᠂ ᠤᠨᠢᠨ | ᠳᠡᠭᠡᠷ᠎ᠡ ᠨᠢ ᠬᠠᠪᠰᠤᠷᠴᠤ᠂ ᠬᠡᠢ ᠬᠤᠭᠤᠰᠤᠨ ᠪᠠᠶᠢᠵᠤ ᠪᠤᠯᠬᠤ ᠦᠭᠡᠢ᠂ ᠤᠯᠠᠨ ᠲᠦᠮᠡᠨ ᠤ ᠶᠠᠪᠤᠳᠠᠯ ᠢ ᠦᠨᠡᠨ ᠬᠦ ᠰᠠᠶᠢᠲᠤᠷ ᠬᠢᠵᠦ᠂ ᠥᠪᠡᠷ ᠤᠨ ᠠᠵᠢᠯ ᠳᠠᠭᠠᠨ | ᠬᠤᠯᠪᠤᠭᠳᠠᠬᠤ ᠡᠲᠡᠭᠡᠳ ᠲᠡᠭᠡᠨ ᠰᠠᠶᠢᠲᠤᠷ ᠦᠢᠯᠡᠴᠢᠯᠡᠬᠦ ᠬᠡᠷᠡᠭᠲᠡᠢ᠃ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠦᠢᠯᠡᠴᠢᠯᠡᠬᠦ ᠨᠢ ᠮᠥᠨ ᠴᠦ | ᠠᠷᠠᠳ ᠲᠦᠮᠡᠨ ᠳᠤ ᠦᠢᠯᠡᠴᠢᠯᠡᠵᠦ ᠪᠠᠶᠢᠭ᠎ᠠ ᠶᠠᠪᠤᠳᠠᠯ ᠪᠣᠯᠤᠨ᠎ᠠ᠂ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠠᠵᠤ | ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠲᠠᠢ ᠨᠠᠷᠢᠯᠢᠭ ᠣᠨᠣᠴᠠᠲᠠᠢ ᠵᠣᠯᠭᠠᠭᠤᠯᠵᠤ᠂ ᠠᠵᠤ ᠠᠬᠤᠶᠢᠯᠠᠯ ᠢ ᠲᠣᠭᠲᠠᠪᠤᠷᠢᠵᠢᠭᠤᠯᠤᠨ ᠠᠵᠤ ᠠᠬᠤᠶᠢᠯᠠᠯ ᠳᠤ ᠠᠰᠢᠭ | ᠬᠦᠷᠲᠡᠭᠡᠬᠦ ᠡᠯ᠎ᠡ ᠲᠦᠷᠦᠯ ᠤᠨ ᠠᠷᠭ᠎ᠠ ᠬᠡᠮᠵᠢᠶ᠎ᠡ ᠶᠢ ᠯᠠᠪᠳᠠᠭᠤᠨ ᠪᠠᠲᠤᠲᠠᠢ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠰᠠᠯᠠᠭ᠎ᠠ ᠮᠥᠴᠢᠷ ᠨᠢᠭᠡᠴᠢ ᠶᠢᠨ ᠬᠤᠭᠤᠷᠣᠨᠳᠣ᠂ | ᠳᠡᠭᠡᠳᠦ ᠱᠠᠳᠤ ᠨᠢ ᠲᠤᠤᠷᠠᠳᠤ ᠱᠠᠳᠤ ᠳᠠᠭᠠᠨ ᠴᠤ ᠦᠢᠯᠡᠴᠢᠯᠡᠬᠦ ᠤᠬᠠᠮᠰᠠᠷ ᠢᠶᠠᠨ ᠴᠢᠩᠭᠠᠳᠬᠠᠵᠤ᠂ ᠠᠵᠢᠯ ᠶᠠᠪᠤᠳᠠᠯ ᠭᠦᠢᠴᠡᠳᠭᠡᠬᠦ ᠦᠷ᠎ᠡ ᠪᠦᠲᠦᠮᠵᠢ ᠪᠠᠨ | ᠳᠡᠭᠡᠭᠰᠢᠯᠡᠭᠦᠯᠵᠦ᠂ ᠠᠵᠢᠯ ᠤᠨ ᠲᠣᠭᠲᠠᠴᠠ ᠪᠠᠨ ᠰᠢᠯᠤᠭᠤᠳᠬᠠᠵᠤ᠂ ᠦᠢᠯᠡᠴᠢᠯᠡᠭᠡᠨ ᠤ ᠦᠷ᠎ᠡ ᠪᠦᠲᠦᠮᠵᠢ ᠪᠠᠨ ᠳᠡᠭᠡᠭᠰᠢᠯᠡᠭᠦᠯᠪᠡᠯ ᠪᠦᠬᠦ ᠨᠡᠶᠢᠭᠡᠮ ᠤᠨ ᠠᠮᠢᠵᠢᠷᠠᠯ ᠤᠨ | ᠬᠦᠴᠦᠨ ᠲᠠᠷᠤᠢ ᠭᠦᠢᠴᠡᠳ ᠪᠣᠯᠬᠤ ᠶᠤᠮ ᠭᠡᠵᠡᠢ᠃ |