ᠬᠦᠯᠦᠨ ᠪᠤᠶᠢᠷ ᠬᠤᠲᠠ ᠶᠢᠨ ᠡᠪᠦᠯ ᠤᠨ ᠤᠯᠠᠷᠢᠯ ᠤᠨ ᠵᠢᠭᠤᠯᠴᠢᠯᠠᠯ ᠤᠨ ᠬᠦᠭᠵᠢᠯᠲᠡ ᠶᠢᠨ ᠪᠠᠶᠢᠳᠠᠯ ᠴᠢᠩᠭᠠᠷᠠᠵᠤ ᠪᠠᠶᠢᠨ᠎ᠠ᠃ ᠨᠢᠭᠡ ᠳᠤ᠂ | ᠵᠢᠭᠤᠯᠴᠢᠯᠠᠯ ᠤᠨ ᠵᠠᠮ ᠱᠤᠭᠤᠮ ᠤᠨ ᠪᠦᠲᠦᠭᠡᠭᠳᠡᠬᠦᠨ ᠢ ᠨᠠᠷᠢᠯᠢᠭᠵᠢᠭᠤᠯᠪᠠ᠃ ︽ᠭᠤᠶᠤᠮᠰᠤᠭ ᠴᠠᠰᠤᠲᠤ ᠲᠠᠯ᠎ᠠ • ᠲᠠᠩᠰᠤᠭ ᠰᠠᠶᠢᠬᠠᠨ ᠠᠷᠠᠳ ᠤᠨ ᠵᠠᠩ | ᠵᠠᠩᠰᠢᠯ︾ ᠵᠡᠷᠭᠡ 6 ᠵᠤᠷᠪᠤᠰ ᠮᠥᠰᠥ ᠴᠠᠰᠤᠨ ᠤ ᠵᠢᠭᠤᠯᠴᠢᠯᠠᠯ ᠤᠨ ᠰᠣᠳᠣᠨ ᠪᠦᠲᠦᠭᠡᠯ ᠤᠨ ᠵᠠᠮ ᠱᠤᠭᠤᠮ ᠢ ᠪᠣᠶ ᠪᠣᠯᠭᠠᠵᠤ᠂ ᠮᠥᠰᠥ ᠴᠠᠰᠤᠨ ᠤ | ᠵᠢᠭᠤᠯᠴᠢᠯᠠᠯ ᠤᠨ ᠪᠦᠲᠦᠭᠡᠭᠳᠡᠬᠦᠨ ᠢ 181 ᠭᠠᠷᠭᠠᠵᠤ᠂ ︽ᠣᠯᠭᠤᠶᠠ ᠶᠢᠨ ᠣᠶ ᠰᠢᠭᠤᠶ ᠶᠢᠨ ᠬᠡᠦᠬᠡᠳ ᠤᠨ ᠦᠯᠢᠭᠡᠷᠲᠦ ᠬᠤᠷᠢᠮ︾ ᠵᠡᠷᠭᠡ 9 ᠶᠡᠭᠡ | ᠲᠥᠷᠥᠯ ᠤᠨ 26 ᠵᠦᠢᠯ ᠤᠨ ᠰᠢᠨ᠎ᠡ ᠡᠭᠦᠳᠦᠯᠲᠡ ᠶᠢᠨ ᠪᠦᠲᠦᠭᠡᠭᠳᠡᠬᠦᠨ ᠢ ᠨᠡᠭᠡᠭᠡᠨ ᠬᠥᠭᠵᠢᠭᠦᠯᠵᠦ᠂ ︽ᠰᠢᠶᠦ᠋ᠩ ᠰᠢᠶᠤᠤ ᠮᠠᠨ︾ ᠲᠠᠨ ᠳᠤ ᠬᠠᠨᠢ ᠪᠣᠯᠵᠤ | ᠵᠢᠭᠤᠯᠴᠢᠯᠠᠬᠤ ᠵᠡᠷᠭᠡ ᠨᠠᠭᠠᠳᠬᠤ ᠠᠷᠭ᠎ᠠ ᠨᠤᠭᠤᠳ ᠢ ᠭᠠᠷᠭᠠᠪᠠ᠃ ᠬᠤᠶᠠᠷ ᠲᠤ᠂ ᠰᠣᠳᠣᠨ ᠪᠦᠲᠦᠭᠡᠯ ᠤᠨ ᠠᠵᠢᠯᠯᠠᠭ᠎ᠠ ᠦᠷᠨᠢᠭᠦᠯᠪᠡ᠃ ᠥᠪᠡᠷᠲᠡᠭᠡᠨ ᠵᠠᠰᠠᠬᠤ | ᠣᠷᠣᠨ ᠤ ᠡᠪᠦᠯ ᠤᠨ ᠤᠯᠠᠷᠢᠯ ᠤᠨ ᠵᠢᠭᠤᠯᠴᠢᠯᠠᠯ ᠤᠨ ᠡᠬᠢᠯᠡᠯᠲᠡ ᠶᠢᠨ ᠶᠣᠰᠣᠯᠠᠯ ᠵᠢᠴᠢ ᠪᠥᠬᠦ ᠤᠯᠤᠰ ᠤᠨ ᠣᠯᠠᠨ ᠲᠦᠮᠡᠨᠴᠢ ᠮᠥᠰᠥ ᠴᠠᠰᠤᠨ ᠤ ᠤᠯᠠᠷᠢᠯ ᠤᠨ | ᠡᠬᠢᠯᠡᠯᠲᠡ ᠶᠢᠨ ᠶᠣᠰᠣᠯᠠᠯ ᠢ ᠠᠮᠵᠢᠯᠲᠠ ᠲᠠᠢ ᠡᠷᠬᠢᠯᠡᠵᠦ᠂ ᠬᠥᠯᠥᠨ ᠪᠤᠶᠢᠷ ᠤᠨ ᠡᠪᠦᠯ ᠤᠨ ᠤᠯᠠᠷᠢᠯ ᠤᠨ ᠪᠠᠭᠠᠲᠤᠷᠴᠤᠳ ᠤᠨ ᠴᠤᠭᠯᠠᠭᠠᠨ ᠵᠡᠷᠭᠡ 76 ᠵᠦᠢᠯ ᠤᠨ | ᠡᠯ᠎ᠡ ᠲᠥᠷᠥᠯ ᠤᠨ ᠮᠥᠰᠥ ᠴᠠᠰᠤᠨ ᠤ ᠤᠷᠤᠯᠳᠤᠭᠠᠨ ᠤ ᠶᠠᠪᠤᠳᠠᠯ ᠪᠠ ᠰᠣᠶᠣᠯ ᠵᠢᠭᠤᠯᠴᠢᠯᠠᠯ ᠤᠨ ᠠᠵᠢᠯᠯᠠᠭ᠎ᠠ ᠨᠤᠭᠤᠳ ᠢ ᠥᠷᠨᠢᠭᠦᠯᠪᠡ᠃ ᠭᠤᠷᠪᠠ ᠳᠤ᠂ | ᠤᠬᠠᠭᠤᠯᠭ᠎ᠠ ᠬᠢᠵᠦ ᠡᠵᠡᠩᠨᠡᠨ ᠪᠣᠷᠣᠯᠠᠭᠤᠯᠬᠤ ᠠᠵᠢᠯ ᠢ ᠥᠷᠨᠢᠭᠦᠯᠪᠡ᠃ ᠬᠠᠷᠪᠢᠨ᠂ ᠭᠤᠸᠠᠩᠵᠧᠦ ᠵᠡᠷᠭᠡ ᠭᠠᠵᠠᠷ ᠲᠤ 10 ᠭᠠᠷᠤᠶ ᠲᠠᠯᠠᠪᠤᠷ ᠤᠬᠠᠭᠤᠯᠤᠨ | ᠲᠠᠨᠢᠯᠴᠠᠭᠤᠯᠬᠤ ᠠᠵᠢᠯᠯᠠᠭ᠎ᠠ ᠪᠠ ᠵᠠᠮ ᠤᠨ ᠭᠤᠳᠤᠰ ᠤᠨ ᠲᠦᠷᠭᠡᠨ ᠲᠣᠭᠯᠠᠯᠲᠠ ᠭᠠᠷᠭᠠᠪᠠ᠂ ᠪᠥᠬᠦ ᠬᠤᠲᠠ ᠶᠢᠨ ᠵᠠᠭᠤᠴᠢᠯᠠᠭᠤᠷ ᠤᠨ ᠪᠠ ᠰᠣᠶᠣᠯ ᠵᠢᠭᠤᠯᠴᠢᠯᠠᠯ ᠤᠨ | ᠡᠬᠢ ᠪᠠᠶᠠᠯᠢᠭ ᠢ ᠨᠡᠶᠢᠳᠭᠡᠵᠦ᠂ ᠵᠢᠷᠤᠭ ᠪᠢᠴᠢᠭ ᠬᠤᠣᠰᠯᠠᠭᠰᠠᠨ ᠸᠢᠳᠢᠣ᠋ ᠶᠢ 5000 ᠭᠠᠷᠤᠶ ᠵᠤᠷᠪᠤᠰ ᠬᠦᠷᠭᠡᠵᠦ᠂ ᠰᠣᠨᠢᠷᠬᠠᠵᠤ ᠦᠵᠡᠭᠰᠡᠨ ᠶᠡᠷᠦᠩᠬᠡᠶ ᠬᠡᠮᠵᠢᠶ᠎ᠡ 3. | 4 ᠳ᠋ᠦᠩᠰᠢᠭᠤᠷ ᠤᠳᠠᠭ᠎ᠠ ᠳᠤ ᠬᠦᠷᠪᠡ᠂ ᠲᠥᠪ ᠲᠧᠯᠸᠢᠰ ᠤᠨ CCTV4 ᠰᠤᠪᠠᠭ ᠢᠶᠠᠷ ︽ᠳᠤᠮᠳᠠᠳᠤ ᠤᠯᠤᠰ ᠲᠤ ᠢᠩᠭᠢᠵᠦ ᠨᠠᠭᠠᠳᠬᠤᠢ︾ ᠫᠷᠤᠭ᠍ᠷᠠᠮ ᠢ | ᠰᠢᠩᠭᠡᠭᠡᠨ ᠦᠢᠯᠡᠳᠬᠦ ᠳᠤ ᠣᠷᠣᠯᠴᠠᠵᠤ᠂ ᠤᠩᠰᠢᠭᠰᠠᠨ ᠶᠡᠷᠦᠩᠬᠡᠶ ᠬᠡᠮᠵᠢᠶ᠎ᠡ ᠨᠢ 1 ᠳ᠋ᠦᠩᠰᠢᠭᠤᠷ ᠢ ᠰᠢᠪᠲᠤᠯᠪᠠ᠃ 2024 ᠣᠨ ᠤ 11 ᠳ᠋ᠦ᠋ᠭᠡᠷ ᠰᠠᠷ᠎ᠠ ᠠᠴᠠ | 2025 ᠣᠨ ᠤ 1 ᠳ᠋ᠦ᠋ᠭᠡᠷ ᠰᠠᠷ᠎ᠠ ᠪᠣᠯᠲᠠᠯ᠎ᠠ᠂ ᠪᠥᠬᠦ ᠬᠤᠲᠠ ᠨᠢ ᠤᠯᠤᠰ ᠤᠨ ᠳᠣᠲᠣᠭᠠᠳᠤ ᠶᠢᠨ ᠵᠢᠭᠤᠯᠴᠢᠯᠠᠭᠰᠠᠳ ᠢ ᠨᠡᠶᠢᠲᠡ 456.2 ᠲᠦᠮᠡᠨ ᠬᠥᠮᠦᠨ | ᠤᠳᠠᠭ᠎ᠠ ᠭᠥᠯᠢᠶᠡᠨ ᠠᠪᠴᠤ᠂ ᠠᠳᠠᠯᠢ ᠬᠤᠭᠤᠴᠠᠭᠠᠨ ᠤ ᠬᠢ ᠠᠴᠠ 40.47% ᠪᠠᠷ ᠨᠡᠮᠡᠭᠳᠡᠪᠡ︔ ᠤᠯᠤᠰ ᠤᠨ ᠳᠣᠲᠣᠭᠠᠳᠤ ᠶᠢᠨ ᠵᠢᠭᠤᠯᠴᠢᠯᠠᠭᠰᠠᠳ ᠤᠨ | ᠶᠡᠷᠦᠩᠬᠡᠶ ᠵᠠᠷᠤᠳᠠᠯ 61.13 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 45.03% ᠪᠠᠷ ᠨᠡᠮᠡᠭᠳᠡᠬᠦ ᠶᠢ ᠪᠡᠶᠡᠯᠡᠭᠦᠯᠪᠡ᠃ ︵ | ᠬᠦᠯᠦᠨ ᠪᠤᠶᠢᠷ ᠬᠤᠳᠠ ᠶᠢᠨ ᠵᠠᠰᠠᠭ ᠤᠨ ᠤᠷᠳᠤᠨ︶ | |