ᠬᠥᠯᠥᠨ ᠪᠤᠶᠢᠷ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ 2025 ᠣᠨ ᠤ ᠭᠤᠷᠪᠠᠳᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/1
       ᠣᠶᠢᠷ᠎ᠠ ᠳᠤ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠵᠢᠢ ᠶᠦᠩ ᠴᠢᠶᠠᠨ ᠬᠥᠯᠥᠨ ᠪᠤᠶᠢᠷ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2025 ᠣᠨ ᠤ ᠭᠤᠷᠪᠠᠳᠤᠭᠠᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠠᠷᠪᠠ ᠶᠢᠰᠦᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠬᠤᠯᠪᠣᠭᠳᠠᠯ ᠪᠥᠬᠦᠶ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃       ᠬᠤᠷᠠᠯ ᠠᠴᠠ᠂ ᠤᠯᠤᠰ ᠤᠨ ᠶᠡᠷᠦᠩᠬᠡᠶ ᠠᠮᠤᠷ ᠲᠦᠪᠰᠢᠨ ᠤ ᠦᠵᠡᠯᠲᠡ ᠶᠢ ᠡᠷᠡᠰ ᠭᠤᠶᠢᠪᠢᠰᠢ ᠥᠬᠡᠶ ᠲᠤᠭᠤᠰᠢᠯᠠᠭᠤᠯᠵᠤ᠂ ᠤᠯᠤᠰ ᠲᠥᠷᠥ ᠶᠢᠨ ᠠᠮᠤᠷ ᠲᠦᠪᠰᠢᠨ ᠢ ᠡᠷᠡᠰ ᠬᠠᠮᠠᠭᠠᠯᠠᠵᠤ᠂ ᠣᠯᠠᠨ ᠨᠡᠶᠢᠲᠡ ᠶᠢᠨ ᠠᠮᠤᠷ ᠲᠦᠪᠰᠢᠨ ᠤ ᠰᠢᠰᠲ᠋ᠧᠮ ᠢ ᠪᠦᠷᠢᠨᠰᠢᠬᠦᠯᠤᠨ᠂ ᠨᠡᠶᠢᠭᠡᠮ ᠤᠨ ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠨᠡᠶᠢᠭᠡᠮ ᠤᠨ ᠠᠮᠤᠷ ᠲᠦᠪᠰᠢᠨ ᠢ ᠪᠦᠬᠦᠯᠢ ᠴᠣᠭᠴᠠ ᠪᠠᠷ ᠰᠡᠷᠭᠡᠶᠢᠯᠡᠨ ᠡᠵᠡᠮᠳᠡᠬᠦ ᠶᠢ ᠴᠢᠩᠭᠠᠳᠬᠠᠨ᠂ ᠠᠶᠤᠯᠭᠦᠶ ᠦᠢᠯᠡᠳᠪᠦᠷᠢᠯᠡᠯ ᠪᠠ ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠠᠳᠬᠤᠵᠤ᠂ ᠭᠤᠤᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠶᠢ ᠬᠦᠴᠦᠯᠡᠨ ᠰᠡᠷᠭᠡᠶᠢᠯᠡᠨ ᠠᠷᠢᠯᠭᠠᠵᠤ᠂ ᠨᠠᠩ ᠥᠨᠳᠥᠷ ᠲᠦᠪᠰᠢᠨ ᠪᠥᠬᠦᠶ ᠠᠮᠤᠷ ᠠᠮᠤᠭᠤᠯᠠᠩ ᠬᠥᠯᠥᠨ ᠪᠤᠶᠢᠷ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠠᠮᠤᠷ ᠲᠦᠪᠰᠢᠨ ᠲᠣᠭᠲᠠᠭᠤᠨ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠶ ᠭᠡᠵᠦ ᠴᠢᠬᠤᠯᠠᠴᠢᠯᠠᠪᠠ᠃       ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠬᠤ ᠲᠤᠬᠠᠶ ᠴᠢᠬᠤᠯᠠ ᠶᠠᠷᠢᠶ᠎ᠠ ᠪᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ︽ᠮᠡᠳᠡᠭᠳᠡᠯ︾ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠢᠴᠢ ᠬᠤᠲᠠ ᠶᠢᠨ ᠨᠠᠮ ᠤᠨ ᠬᠤᠷᠢᠶᠠᠨ ᠤ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠤᠷᠤᠯᠴᠠᠵᠤ ᠪᠠᠶᠢᠴᠠᠭᠠᠨ ᠵᠠᠯᠠᠷᠠᠭᠤᠯᠬᠤ ᠶᠢ ᠨᠢᠭᠡ ᠴᠤᠭᠴᠠᠵᠢᠭᠤᠯᠤᠨ ᠠᠬᠢᠭᠤᠯᠵᠤ᠂ ︽ᠭᠤᠷᠪᠠᠨ ᠣᠯᠠᠨ ᠭᠤᠷᠪᠠᠨ ᠴᠥᠭᠡᠨ ᠭᠤᠷᠪᠠᠨ ᠤᠳᠠᠭᠠᠨ︾ ᠪᠠ ︽ᠤᠳᠠᠭᠠᠨ ᠪᠦᠳᠦᠭᠦᠯᠢᠭ︾ ᠠᠰᠠᠭᠤᠳᠠᠯ ᠢ ᠦᠷᠭᠦᠯᠵᠢᠯᠡᠨ ᠰᠢᠢᠳᠪᠦᠷᠢᠯᠡᠵᠦ᠂ ᠵᠠᠰᠠᠭ ᠤᠨ ᠣᠷᠳᠣᠨ ᠤ ᠰᠢᠰᠲ᠋ᠧᠮ ᠤᠨ ᠠᠵᠢᠯ ᠤᠨ ᠰᠤᠷᠲᠠᠯ ᠢ ᠦᠨᠡᠨ ᠬᠦ ᠬᠤᠪᠢᠷᠠᠭᠤᠯᠵᠤ᠂ ᠦᠨᠡᠨ ᠪᠣᠳᠠᠲᠠᠶ ᠬᠥᠭᠵᠢᠯᠲᠡ ᠶᠢᠨ ᠦᠷ᠎ᠡ ᠪᠦᠲᠦᠭᠡᠯ ᠢᠶᠠᠷ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠮᠵᠢ ᠶᠢ ᠢᠯᠡᠷᠡᠭᠦᠯᠬᠦ ᠬᠡᠷᠡᠭᠲᠡᠶ ᠭᠡᠵᠦ ᠱᠠᠭᠠᠷᠳᠠᠪᠠ᠃       ᠬᠤᠷᠠᠯ ᠠᠴᠠ ᠪᠠᠰᠠ ᠬᠤᠯᠪᠣᠭᠳᠠᠯ ᠪᠦᠬᠦᠢ ᠪᠡᠯᠡ ᠮᠥᠩᠭᠦᠨ ᠤ ᠶᠠᠪᠤᠳᠠᠯ ᠢ ᠰᠤᠳᠤᠯᠤᠨ ᠬᠢᠨᠠᠨ ᠵᠥᠪᠯᠡᠪᠡ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ