ᠬᠥᠯᠥᠨ ᠪᠤᠶᠢᠷ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ 2025 ᠣᠨ ᠤ ᠭᠤᠷᠪᠠᠳᠤᠭᠠᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/4/1
       3 ᠳ᠋ᠤᠭᠠᠷ ᠰᠠᠷ᠎ᠠ ᠶᠢᠨ 24 ᠤ ᠡᠳᠦᠷ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠯᠢᠦᠶ ᠬᠦᠶ ᠾᠧ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ 2025 ᠣᠨ ᠤ ᠭᠤᠷᠪᠠᠳᠤᠭᠠᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃       ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠰᠤᠷᠤᠯᠴᠠᠨ ᠬᠥᠮᠦᠵᠢᠭᠦᠯᠬᠦ ᠬᠤᠯᠪᠣᠭᠳᠠᠯ ᠪᠥᠬᠦᠶ ᠬᠤᠷᠠᠯ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠪᠠ᠃ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠯᠥᠨ ᠪᠤᠶᠢᠷ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠵᠢᠴᠢ ᠪᠠᠶᠢᠭᠤᠯᠭ᠎ᠠ ᠶᠢᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠠᠵᠢᠯ ᠤᠨ ᠲᠥᠰᠦᠯ︾ ᠢ ᠬᠢᠨᠠᠨ ᠵᠥᠪᠯᠡᠵᠦ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠵᠢᠴᠢ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃       ᠬᠤᠷᠠᠯ ᠠᠴᠠ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠬᠠᠷᠠᠯᠲᠠ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠭᠤᠣᠯᠳᠠᠯᠭ᠎ᠠ ᠲᠠᠢ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠠᠷᠢᠮᠵᠢᠶᠠᠯᠠᠨ ᠬᠠᠷᠭᠤᠭᠤᠯᠵᠤ ᠯᠠᠪᠳᠠᠭᠤᠨ ᠪᠠᠲᠤᠲᠠᠢ ᠠᠬᠢᠭᠤᠯᠵᠤ᠂ ᠰᠤᠷᠤᠯᠴᠠᠯᠭ᠎ᠠ ᠬᠥᠮᠦᠵᠢᠯ ᠤᠨ ᠡᠯ᠎ᠡ ᠵᠦᠢᠯ ᠤᠨ ᠠᠵᠢᠯ ᠤᠨ ᠡᠭᠦᠷᠭᠡ ᠶᠢ ᠴᠢᠨᠠᠷ ᠰᠠᠶᠢᠲᠠᠢ᠂ ᠥᠨᠳᠥᠷ ᠪᠠᠷᠢᠮᠵᠢᠶ᠎ᠠ ᠪᠠᠷ ᠰᠠᠶᠢᠲᠤᠷ ᠪᠡᠶᠡᠯᠡᠭᠦᠯᠬᠦ ᠶᠢ ᠪᠠᠲᠤᠯᠠᠵᠤ᠂ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠣᠯᠤᠨ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠣᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠠᠵᠢᠯ ᠢ ᠰᠠᠶᠢᠲᠤᠷ ᠠᠳᠬᠤᠬᠤ ᠶᠢ ᠨᠢᠭᠲᠠ ᠤᠶᠠᠯᠳᠤᠭᠤᠯᠵᠤ᠂ ᠬᠤᠶᠠᠷ ᠲᠠᠯ᠎ᠠ ᠪᠠᠷ ᠠᠳᠬᠤᠬᠤ᠂ ᠬᠤᠶᠠᠷ ᠢ ᠦᠯᠦ ᠰᠠᠭᠠᠲᠠᠭᠠᠬᠤ᠂ ᠬᠤᠶᠠᠷ ᠢ ᠠᠬᠢᠭᠤᠯᠬᠤ ᠶᠢ ᠪᠡᠶᠡᠯᠡᠭᠦᠯᠵᠦ᠂ ᠠᠵᠢᠯ ᠤᠨ ᠪᠣᠳᠠᠲᠤ ᠠᠮᠵᠢᠯᠲᠠ ᠪᠠᠷ ᠢᠶᠠᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠮᠵᠢ ᠶᠢ ᠰᠢᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ