ᠵᠢᠢ ᠶᠦᠩ ᠴᠢᠶᠠᠨ ᠬᠥᠯᠥᠨ ᠪᠤᠶᠢᠷ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠵᠡᠷᠭᠡ ᠠᠵᠢᠯ ᠢ ᠰᠤᠳᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2025/4/1
       3 ᠳ᠋ᠤᠭᠠᠷ ᠰᠠᠷ᠎ᠠ ᠶᠢᠨ 24 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠵᠢᠢ ᠶᠦᠩ ᠴᠢᠶᠠᠨ ᠬᠥᠯᠥᠨ ᠪᠤᠶᠢᠷ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2025 ᠣᠨ ᠤ 4 ᠳ᠋ᠤᠭᠡᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠲᠥᠪ ᠤᠨ ᠨᠠᠢᠮᠠᠨ‌‍ᠲ᠋ᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠶ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠬᠤᠯᠪᠣᠭᠳᠠᠯ ᠪᠥᠬᠦᠶ ᠬᠤᠷᠠᠯ ᠪᠠ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠯᠥᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠠᠵᠢᠯ ᠤᠨ ᠲᠥᠰᠦᠯ︾ ᠢ ᠬᠢᠨᠠᠨ ᠵᠥᠪᠯᠡᠪᠡ᠃       ᠬᠤᠷᠠᠯ ᠠᠴᠠ᠂ ᠤᠬᠠᠮᠰᠠᠷ ᠠᠴᠠ ᠪᠠᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠢᠷᠢᠯᠠᠭᠤᠯᠤᠯᠲᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠪᠠ ᠬᠤᠲᠠ ᠶᠢᠨ ᠨᠠᠮ ᠤᠨ ᠬᠤᠷᠢᠶᠠᠨ ᠤ ᠶᠡᠷᠦᠩᠬᠡᠢ ᠲᠣᠬᠢᠷᠠᠭᠤᠯᠤᠯᠲᠠ ᠳᠡᠭᠡᠷ᠎ᠡ ᠨᠢᠭᠡᠳᠬᠡᠵᠦ᠂ ᠡᠨᠡ ᠬᠦ ᠨᠠᠮ ᠤᠨ ᠪᠠᠶᠢᠭᠤᠯᠤᠯᠲᠠ ᠶᠢᠨ ᠠᠵᠢᠯ ᠤᠨ ᠴᠢᠬᠤᠯᠠ ᠤᠯᠤᠰ ᠲᠥᠷᠦ ᠶᠢᠨ ᠡᠭᠦᠷᠭᠡ ᠶᠢ ᠴᠢᠩᠭ᠎ᠠ ᠠᠳᠬᠤᠨ ᠪᠣᠳᠠᠲᠠᠢ ᠠᠳᠬᠤᠵᠤ᠂ ᠰᠤᠷᠤᠯᠴᠠᠨ ᠰᠤᠳᠤᠯᠤᠨ ᠶᠠᠷᠢᠯᠴᠠᠬᠤ᠂ ᠠᠰᠠᠭᠤᠳᠠᠯ ᠢ ᠪᠠᠶᠢᠴᠠᠭᠠᠨ ᠳᠡᠯᠭᠡᠬᠦ᠂ ᠲᠥᠪᠯᠡᠷᠡᠭᠦᠯᠦᠨ ᠴᠡᠭᠴᠡᠯᠡᠨ ᠵᠠᠰᠠᠬᠤ᠂ ᠡᠭᠦᠳᠡ ᠪᠠᠨ ᠨᠡᠭᠡᠭᠡᠵᠦ ᠬᠥᠮᠦᠵᠢᠭᠦᠯᠬᠦ ᠵᠡᠷᠭᠡ ᠡᠯ᠎ᠡ ᠵᠦᠢᠯ ᠤᠨ ᠡᠭᠦᠷᠭᠡ ᠶᠢ ᠲᠡᠷᠡ ᠬᠡᠪ ᠢᠶᠠᠷ ᠨᠢ ᠰᠠᠶᠢᠲᠤᠷ ᠠᠳᠬᠤᠵᠤ᠂ ᠰᠤᠷᠤᠯᠴᠠᠬᠤ᠂ ᠪᠠᠶᠢᠴᠠᠭᠠᠬᠤ᠂ ᠥᠭᠡᠷᠡᠴᠢᠯᠡᠬᠦ ᠶᠢ ᠨᠢᠭᠡ ᠴᠣᠭᠴᠠᠵᠢᠭᠤᠯᠤᠨ ᠠᠬᠢᠭᠤᠯᠵᠤ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠢᠷᠡᠯ ᠢ ᠡᠰᠡᠷᠭᠦᠴᠡᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠰᠤᠷᠤᠯᠴᠠᠬᠤ ᠳᠠᠭᠠᠨ ᠶᠠᠰᠤ ᠴᠢᠨᠠᠷ ᠲᠠᠢ᠂ ᠪᠠᠶᠢᠴᠠᠭᠠᠬᠤ ᠳᠠᠭᠠᠨ ᠡᠷᠴᠢᠮ ᠲᠠᠢ᠂ ᠥᠭᠡᠷᠡᠴᠢᠯᠡᠬᠦ ᠳᠡᠭᠡᠨ ᠦᠷ᠎ᠡ ᠪᠦᠲᠦᠮᠵᠢ ᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ ᠰᠤᠷᠤᠯᠴᠠᠯᠭ᠎ᠠ ᠬᠥᠮᠦᠵᠢᠯ ᠪᠣᠯᠤᠨ ᠭᠤᠣᠯ ᠠᠵᠢᠯ ᠢᠶᠠᠨ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ ᠳᠡᠭᠡᠨ ᠠᠩᠬᠠᠷᠤᠯ ᠢᠶᠠᠨ ᠲᠥᠪᠯᠡᠷᠡᠭᠦᠯᠵᠦ᠂ ᠣᠨᠣᠴᠠᠲᠠᠢ ᠪᠠᠷ ᠲᠤᠬᠢᠷᠠᠭᠤᠯᠤᠯᠳᠠ ᠬᠢᠵᠦ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠠᠵᠤ ᠠᠬᠤᠢ ᠶᠢᠨ ᠡᠷᠭᠢᠯᠲᠡ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠬᠤ᠂ ᠠᠶᠤᠯᠭᠦᠢ ᠦᠢᠯᠡᠳᠪᠦᠷᠢᠯᠡᠯ᠂ ᠥᠭᠡᠷᠡᠴᠢᠯᠡᠯᠲᠡ ᠶᠢᠨ ᠰᠡᠳᠦᠪ ᠤᠨ ᠦᠷ᠎ᠡ ᠪᠦᠲᠦᠭᠡᠯ ᠢ ᠣᠨᠳᠣᠣᠰᠢᠭᠤᠯᠬᠤ ᠵᠡᠷᠭᠡ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠳᠠᠲᠠᠢ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ