ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ ︵ᠥᠷᠭᠡᠳᠬᠡᠭᠰᠡᠨ︶ 2025 ᠣᠨ ᠤ ᠭᠤᠷᠪᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/1
       3 ᠳ᠋ᠤᠭᠠᠷ ᠰᠠᠷ᠎ᠠ ᠶᠢᠨ 24 ᠤ ᠡᠳᠦᠷ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠯᠢᠦᠶ ᠬᠦᠶ ᠾᠧ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ︵ᠥᠷᠭᠡᠳᠬᠡᠭᠰᠡᠨ︶ 2025 ᠣᠨ ᠤ ᠭᠤᠷᠪᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠣᠨᠣᠯ ᠰᠤᠷᠤᠯᠴᠠᠬᠤ ᠭᠤᠤᠯ ᠳᠤᠭᠤᠢᠯᠠᠩ ᠤᠨ ᠪᠦᠷᠢᠯᠳᠦᠬᠦᠨ ᠬᠤᠷᠠᠯ ᠳᠤ ᠣᠷᠣᠯᠴᠠᠵᠤ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠢᠭᠡᠳᠦᠭᠡᠷ ᠱᠠᠲᠤᠨ ᠤ ᠲᠣᠭᠤᠷᠢᠨ ᠪᠠᠶᠢᠴᠠᠭᠠᠭᠴᠢ᠂ ᠡᠯ᠎ᠡ ᠲᠤᠰᠬᠠᠶ ᠵᠥᠪᠯᠡᠯ ᠤᠨ ᠡᠷᠬᠢᠯᠡᠭᠴᠢ ᠬᠤᠷᠠᠯ ᠳᠤ ᠰᠤᠯᠠ ᠣᠷᠣᠯᠴᠠᠪᠠ᠃       ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠥᠬᠦᠶ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠨᠡᠶᠢᠲᠡᠯᠡᠭᠰᠡᠨ ᠴᠢᠬᠤᠯᠠ ᠵᠣᠬᠢᠶᠠᠯ ᠢ ᠤᠯᠠᠮᠵᠢᠯᠠᠨ ᠰᠤᠷᠤᠯᠴᠠᠵᠤ᠂ ᠲᠥᠪ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠬᠤᠯᠪᠣᠭᠳᠠᠯ ᠪᠥᠬᠦᠶ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠰᠤᠷᠤᠯᠴᠠᠪᠠ᠃       ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠰᠤᠷᠤᠯᠴᠠᠨ ᠲᠤᠭᠤᠰᠢᠯᠠᠭᠤᠯᠬᠤ ᠦᠵᠡᠯ ᠰᠠᠨᠠᠭᠠᠨ ᠤ ᠤᠬᠠᠮᠰᠠᠷ᠂ ᠤᠯᠤᠰ ᠲᠦᠷᠦ ᠶᠢᠨ ᠤᠬᠠᠮᠰᠠᠷ᠂ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠦᠨᠡᠨ ᠬᠦ ᠴᠢᠩᠭᠠᠳᠬᠠᠵᠤ᠂ ᠡᠭᠦᠨ ᠢᠶᠠᠷ ᠲᠠᠷᠢᠬᠢ ᠲᠣᠯᠣᠭᠠᠢ ᠪᠠᠨ ᠡᠷᠡᠰ ᠵᠡᠪᠰᠡᠭᠯᠡᠵᠦ᠂ ᠦᠢᠯᠡᠳᠦᠯᠭᠡ ᠪᠠᠨ ᠵᠢᠯᠤᠭᠤᠳᠤᠭᠤᠯᠵᠤ᠂ ᠠᠵᠢᠯ ᠢᠶᠠᠨ ᠠᠬᠢᠭᠤᠯᠬᠤ ᠬᠡᠷᠡᠭᠲᠡᠢ᠃ ᠴᠢᠨᠠᠷ ᠰᠠᠶᠢᠲᠠᠶ ᠬᠥᠭᠵᠢᠯᠲᠡ ᠶᠢ ᠪᠠᠷᠢᠮᠲᠠᠯᠠᠬᠤ ᠡᠨᠡ ᠬᠦ ᠰᠢᠨ᠎ᠡ ᠴᠠᠭ ᠦᠶ᠎ᠡ ᠶᠢᠨ ᠬᠠᠲᠠᠭᠤ ᠶᠣᠰᠣ ᠶᠢ ᠪᠠᠲᠤ ᠡᠵᠡᠮᠳᠡᠵᠦ᠂ ᠬᠥᠯᠥᠨ ᠪᠤᠶᠢᠷ ᠣᠷᠣᠨ ᠤ ᠪᠣᠳᠠᠲᠤ ᠪᠠᠶᠢᠳᠠᠯ ᠳᠤ ᠰᠠᠭᠤᠷᠢᠯᠠᠨ᠂ ᠠᠷᠭ᠎ᠠ ᠤᠬᠠᠭᠠᠨ ᠭᠠᠷᠭᠠᠨ ᠵᠠᠰᠠᠭ ᠲᠤ ᠲᠤᠰᠠᠯᠠᠬᠤ ᠲᠦᠪᠰᠢᠨ ᠢᠶᠠᠨ ᠳᠡᠭᠡᠭᠰᠢᠯᠡᠭᠦᠯᠵᠦ᠂ ᠮᠠᠨ ᠤ ᠬᠤᠲᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠ ᠭᠤᠤᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠬᠤ ᠳᠤᠮᠳᠠ᠂ ᠪᠣᠳᠠᠲᠠᠶ ᠠᠷᠭ᠎ᠠ ᠬᠡᠮᠵᠢᠶ᠎ᠡ ᠠᠪᠴᠤ᠂ ᠪᠣᠳᠠᠲᠤ ᠬᠦᠴᠦᠨ ᠪᠠ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ ᠬᠡᠷᠡᠭᠲᠡᠶ ᠭᠡᠵᠦ ᠴᠢᠬᠤᠯᠠᠴᠢᠯᠠᠪᠠ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ