3 ᠳ᠋ᠤᠭᠠᠷ ᠰᠠᠷ᠎ᠠ ᠶᠢᠨ 25 ᠤ ᠡᠳᠦᠷ᠂ ᠬᠥᠯᠥᠨ ᠪᠤᠶᠢᠷ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ | ᠳᠥᠷᠪᠡᠳᠦᠭᠡᠷ ᠬᠤᠷᠠᠯ ᠤᠨ ᠰᠠᠨᠠᠯ ᠳᠤᠷᠠᠳᠤᠯᠭ᠎ᠠ ᠶᠢ ᠲᠤᠰᠢᠶᠠᠨ ᠰᠢᠢᠳᠪᠦᠷᠢᠯᠡᠬᠦᠯᠬᠦ ᠬᠤᠷᠠᠯ ᠬᠤᠷᠠᠯᠳᠤᠵᠤ᠂ 2025 ᠣᠨ ᠤ ᠰᠠᠨᠠᠯ ᠳᠤᠷᠠᠳᠤᠯᠭ᠎ᠠ ᠶᠢ ᠭᠦᠢᠴᠡᠳᠬᠡᠬᠦ | ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠵᠢᠢ ᠶᠦᠩ ᠴᠢᠶᠠᠨ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ | ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠯᠢᠦᠶ ᠬᠦᠶ ᠾᠧ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠬᠤᠲᠠ ᠶᠢᠨ | ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠡᠷᠢᠭᠦᠯᠡᠭᠴᠢ ᠰᠢᠤᠢ ᠴᠧᠩ ᠵᠢᠶᠦ᠋ᠨ ᠬᠤᠷᠠᠯ ᠢ ᠡᠷᠭᠢᠯᠡᠪᠡ᠃ | ᠵᠢᠢ ᠶᠦᠩ ᠴᠢᠶᠠᠨ᠂ ᠰᠠᠨᠠᠯ ᠳᠤᠷᠠᠳᠤᠯᠭ᠎ᠠ ᠶᠢᠨ ᠠᠵᠢᠯ ᠪᠣᠯ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠤᠯᠤᠰ ᠲᠦᠷᠦ ᠶᠢᠨ ᠵᠦᠪᠳᠡᠯᠴᠡᠭᠡ ᠬᠢᠬᠦ᠂ | ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠵᠠᠰᠠᠭ ᠤᠨ ᠶᠠᠪᠤᠳᠠᠯ ᠳᠤ ᠣᠷᠣᠯᠴᠠᠨ ᠲᠦᠷᠦ ᠶᠢᠨ ᠬᠡᠷᠡᠭ ᠢ ᠵᠥᠪᠯᠡᠬᠦ ᠴᠢᠬᠤᠯᠠ ᠠᠷᠭ᠎ᠠ ᠵᠠᠮ ᠮᠥᠨ᠂ ᠲᠡᠷᠡ ᠨᠢ | ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ᠂ ᠠᠷᠠᠳᠴᠢᠯᠠᠯ ᠢᠶᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ ᠶᠢ ᠠᠬᠢᠭᠤᠯᠬᠤ᠂ ᠡᠯ᠎ᠡ | ᠵᠦᠢᠯ ᠤᠨ ᠦᠢᠯᠡᠰ ᠤᠨ ᠬᠥᠭᠵᠢᠯᠲᠡ ᠶᠢ ᠠᠬᠢᠭᠤᠯᠬᠤ ᠳᠤ ᠴᠢᠬᠤᠯᠠ ᠦᠢᠯᠡᠳᠦᠯ ᠲᠠᠢ ᠶᠤᠮ᠃ ᠱᠠᠭᠠᠷᠳᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ | ᠶᠠᠪᠤᠴᠠ ᠶᠢ ᠵᠢᠷᠤᠮᠵᠢᠭᠤᠯᠤᠨ᠂ ᠬᠦᠴᠦᠲᠡᠶ ᠠᠷᠭ᠎ᠠ ᠬᠡᠮᠵᠢᠶ᠎ᠡ ᠠᠪᠴᠤ᠂ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠠᠵᠢᠯ ᠢ ᠨᠢᠭᠡ ᠵᠦᠢᠯ ᠤᠨ ᠲᠥᠪ ᠴᠢᠩᠭ᠎ᠠ ᠤᠯᠤᠰ | ᠲᠥᠷᠥ ᠶᠢᠨ ᠡᠭᠦᠷᠭᠡ ᠪᠣᠯᠭᠠᠨ ᠪᠣᠳᠠᠲᠠᠶ ᠠᠳᠬᠤᠵᠤ ᠰᠠᠶᠢᠲᠤᠷ ᠠᠳᠬᠤᠨ ᠦᠷ᠎ᠡ ᠪᠦᠲᠦᠮᠵᠢ ᠭᠠᠷᠭᠠᠬᠤ ᠬᠡᠷᠡᠭᠲᠡᠶ᠃ ᠠᠵᠢᠯ ᠤᠨ ᠲᠣᠭᠲᠠᠴᠠ ᠪᠠᠨ | ᠲᠡᠭᠦᠯᠳᠡᠷᠵᠢᠭᠦᠯᠵᠦ᠂ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠶᠠᠰᠤ ᠴᠢᠨᠠᠷ ᠢᠶᠠᠷ ᠭᠤᠣᠯ ᠪᠣᠯᠭᠠᠬᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ | ᠲᠦᠷᠢᠮ ᠢᠶᠠᠷ ᠪᠠᠲᠤᠯᠠᠭ᠎ᠠ ᠪᠣᠯᠭᠠᠬᠤ ᠶᠢ ᠪᠠᠷᠢᠮᠲᠠᠯᠠᠵᠤ᠂ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠠᠵᠢᠯ ᠤᠨ ᠶᠠᠰᠤ ᠴᠢᠨᠠᠷ ᠢ ᠪᠠᠲᠤᠯᠠᠬᠤ ᠬᠡᠷᠡᠭᠲᠡᠢ᠃ | ᠤᠳᠤᠷᠢᠳᠤᠯᠭ᠎ᠠ ᠪᠠᠨ ᠴᠢᠩᠭᠠᠳᠬᠠᠵᠤ᠂ ᠭᠦᠢᠴᠡᠳᠬᠡᠬᠦ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠤᠬᠠᠮᠰᠠᠷ ᠢ ᠪᠠᠲᠤ ᠪᠣᠶ | ᠪᠣᠯᠭᠠᠵᠤ᠂ ᠰᠠᠨᠠᠯ ᠳᠤᠷᠠᠳᠤᠯᠭ᠎ᠠ ᠶᠢ ᠭᠦᠢᠴᠡᠳᠬᠡᠬᠦ ᠨᠢ ᠬᠠᠤᠯᠢ ᠲᠣᠭᠲᠠᠭᠠᠯ ᠳᠤ ᠨᠡᠶᠢᠴᠡᠬᠦ ᠶᠢ ᠪᠠᠲᠤᠯᠠᠵᠤ᠂ ᠰᠠᠨᠠᠯ ᠳᠤᠷᠠᠳᠤᠯᠭ᠎ᠠ ᠶᠢ ᠭᠦᠢᠴᠡᠳᠬᠡᠬᠦ ᠠᠵᠢᠯ ᠤᠨ | ᠰᠢᠨ᠎ᠡ ᠰᠢᠪᠲᠤᠯᠤᠯᠲᠠ ᠪᠠᠷ ᠪᠥᠬᠦ ᠬᠤᠲᠠ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠶ ᠭᠡᠵᠦ ᠴᠢᠬᠤᠯᠠᠴᠢᠯᠠᠪᠠ᠃ | ᠯᠢᠦᠶ ᠬᠦᠶ ᠾᠧ᠂ ᠡᠯ᠎ᠡ ᠳᠠᠭᠠᠭᠠᠨ ᠭᠦᠢᠴᠡᠳᠬᠡᠬᠦ ᠨᠢᠭᠡᠴᠢ ᠶᠢᠨ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ | ᠡᠭᠦᠷᠭᠡᠯᠡᠯ ᠢᠶᠠᠨ ᠴᠢᠩᠭᠠᠳᠬᠠᠵᠤ᠂ ︽ᠰᠢᠨ᠎ᠡ ᠴᠠᠭ ᠦᠶ᠎ᠡ ᠶᠢᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢ ᠭᠦᠢᠴᠡᠳᠬᠡᠬᠦ ᠠᠵᠢᠯ ᠢ | ᠴᠢᠩᠭᠠᠳᠬᠠᠨ ᠰᠠᠶᠢᠵᠢᠷᠠᠭᠤᠯᠬᠤ ᠲᠤᠬᠠᠶ ᠬᠥᠯᠥᠨ ᠪᠤᠶᠢᠷ ᠬᠤᠲᠠ ᠶᠢᠨ ᠬᠡᠷᠡᠭᠵᠢᠭᠦᠯᠬᠦ ᠰᠠᠨᠠᠯ︾ ᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠭᠦᠢᠴᠡᠳᠬᠡᠬᠦ ᠲᠠᠰ ᠳᠠᠷᠠᠭᠠᠯᠠᠯ ᠢ ᠵᠢᠷᠤᠮᠵᠢᠭᠤᠯᠵᠤ᠂ ᠪᠥᠬᠦ ᠲᠠᠯ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠰᠠᠨᠠᠯ ᠳᠤᠷᠠᠳᠤᠯᠭ᠎ᠠ ᠶᠢ ᠭᠦᠢᠴᠡᠳᠬᠡᠬᠦ ᠠᠵᠢᠯ ᠤᠨ | ᠬᠠᠮᠲᠤᠷᠠᠯ ᠬᠦᠴᠦᠨ ᠢ ᠲᠠᠰᠤᠷᠠᠯᠲᠠ ᠥᠬᠡᠶ ᠨᠢᠭᠲᠠᠷᠠᠭᠤᠯᠬᠤ ᠬᠡᠷᠡᠭᠲᠡᠶ ᠭᠡᠵᠦ ᠱᠠᠭᠠᠷᠳᠠᠪᠠ᠃ | ᠣᠶᠢᠯᠠᠭᠠᠭᠰᠠᠨ ᠢᠶᠠᠷ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠠᠪᠤᠳᠤᠭᠠᠷ ᠬᠤᠭᠤᠴᠠᠭᠠᠨ ᠤ ᠳᠥᠷᠪᠡᠳᠦᠭᠡᠷ ᠬᠤᠷᠠᠯᠳᠤᠭᠠᠨ ᠠᠴᠠ ᠨᠠᠰᠢ᠂ | ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠨᠡᠶᠢᠲᠡ 411 ᠬᠤᠪᠢ ᠰᠠᠨᠠᠯ ᠳᠤᠷᠠᠳᠤᠯᠭ᠎ᠠ ᠳᠡᠪᠰᠢᠭᠦᠯᠵᠦ᠂ 351 ᠬᠤᠪᠢ ᠰᠠᠨᠠᠯ ᠳᠤᠷᠠᠳᠤᠯᠭ᠎ᠠ ᠶᠢ | ᠬᠢᠨᠠᠨ ᠪᠠᠶᠢᠴᠠᠭᠠᠵᠤ ᠳᠡᠩᠰᠡᠯᠡᠵᠦ᠂ 72 ᠬᠤᠲᠠ ᠶᠢᠨ ᠰᠢᠭᠤᠳ ᠬᠠᠷᠢᠶ᠎ᠠ ᠨᠢᠭᠡᠴᠢ ᠪᠠ 14 ᠬᠤᠰᠢᠭᠤ ᠬᠤᠲᠠ ᠲᠣᠭᠤᠷᠢᠭ ᠲᠤ ᠲᠤᠰᠢᠶᠠᠨ ᠰᠢᠢᠳᠪᠦᠷᠢᠯᠡᠬᠦᠯᠪᠡ᠃ |