ᠬᠤᠲᠠ ᠶᠢᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠢᠪᠡ
ᠨᠡᠶᠢᠲᠡᠯᠡᠭᠰᠡᠨ ᠴᠠᠭ᠄
2025/4/1
     3 ᠳ᠋ᠤᠭᠠᠷ ᠰᠠᠷ᠎ᠠ ᠶᠢᠨ 26 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠤᠯᠪᠣᠭᠳᠠᠯ ᠪᠥᠬᠦᠶ ᠬᠤᠷᠠᠯ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠭᠦᠨᠵᠡᠭᠡᠶ ᠨᠠᠶᠢᠳᠠᠪᠤᠷᠢᠵᠢᠭᠤᠯᠬᠤ ᠲᠤᠬᠠᠶ ᠬᠠᠮᠲᠤ ᠶᠢᠨ ᠰᠤᠷᠤᠯᠴᠠᠯᠭ᠎ᠠ ᠬᠢᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠸᠠᠩ ᠱᠧᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃       ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠪᠣᠯ ᠦᠷᠭᠦᠯᠵᠢᠯᠡᠨ ᠠᠬᠢᠭᠤᠯᠬᠤ᠂ ᠪᠠᠶᠢᠩᠭᠤ ᠰᠤᠷᠤᠯᠴᠠᠨ ᠪᠠᠶᠢᠩᠭᠤ ᠰᠢᠨᠡᠳᠬᠡᠬᠦ᠂ ᠲᠠᠰᠤᠷᠠᠯᠲᠠ ᠦᠭᠡᠢ ᠭᠦᠨᠵᠡᠭᠡᠶᠢᠷᠡᠭᠦᠯᠬᠦ ᠶᠠᠪᠤᠴᠠ ᠮᠥᠨ᠃ ᠤᠳᠤᠷᠢᠳᠬᠤ ᠺᠠᠳ᠋ᠷ ︽ᠵᠠᠩᠭᠢᠯᠠᠭ᠎ᠠ ᠶᠢᠨ ᠴᠥᠭᠡᠨ ᠲᠣᠭᠠᠲᠠᠨ︾ ᠤ ᠦᠢᠯᠡᠳᠦᠯ ᠢᠶᠠᠨ ᠪᠠᠳᠠᠷᠠᠭᠤᠯᠵᠤ᠂ ᠤᠷᠢᠳᠠᠪᠠᠷ ᠰᠤᠷᠤᠯᠴᠠᠵᠤ᠂ ᠭᠦᠨᠵᠡᠭᠡᠢ ᠰᠤᠷᠤᠯᠴᠠᠵᠤ᠂ ᠰᠠᠶᠢᠲᠤᠷ ᠣᠶᠢᠯᠠᠭᠠᠵᠤ ᠲᠤᠭᠤᠷᠠᠳᠠᠯ᠎ᠠ ᠮᠡᠳᠡᠵᠤ ᠪᠣᠳᠠᠲᠠᠢ ᠬᠢᠬᠦ᠂ ᠳᠣᠲᠣᠭᠠᠳᠤ ᠳᠠᠭᠠᠨ ᠣᠨᠳᠣᠣᠰᠢᠭᠤᠯᠬᠤ ᠶᠢ ᠭᠦᠨᠵᠡᠭᠡᠶᠢᠷᠡᠭᠦᠯᠬᠦ ᠳᠡᠭᠡᠷ᠎ᠡ ᠬᠦᠴᠦ ᠣᠷᠣᠭᠤᠯᠵᠤ᠂ ︽ᠰᠡᠭᠦᠯᠴᠢ ᠶᠢᠨ ᠠᠵᠢᠯ︾ ᠢ ᠰᠠᠶᠢᠲᠤᠷ ᠰᠤᠷᠤᠯᠴᠠᠬᠤ ᠬᠡᠷᠡᠭᠲᠡᠢ᠃ ᠤᠬᠠᠭᠤᠯᠵᠤ ᠬᠥᠲᠥᠯᠥᠨ ᠳᠠᠭᠠᠭᠤᠯᠬᠤ ᠪᠠᠨ ᠴᠢᠩᠭᠠᠳᠬᠠᠵᠤ᠂ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠤᠬᠠᠭᠤᠯᠤᠨ ᠲᠤᠭᠤᠰᠢᠯᠠᠭᠤᠯᠵᠤ᠂ ᠳᠡᠭᠡᠳᠦ ᠱᠠᠲᠤᠨ ᠤ ᠬᠠᠮᠤᠭ ᠤᠨ ᠰᠢᠨ᠎ᠡ ᠪᠠᠶᠢᠷᠢᠯᠠᠭᠤᠯᠤᠯᠲᠠ ᠱᠠᠭᠠᠷᠳᠠᠯᠭ᠎ᠠ ᠶᠢᠨ ᠲᠣᠭᠤᠷᠢᠨ ᠳᠤ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠢ ᠬᠥᠲᠥᠯᠥᠨ ᠵᠢᠯᠣᠭᠤᠳᠴᠤ ᠪᠠᠶᠢᠭᠠᠳ ᠶᠠᠭᠤ ᠬᠢᠬᠦ᠂ ᠶᠠᠭᠠᠬᠢᠵᠤ ᠬᠢᠬᠦ᠂ ᠶᠠᠭᠤ ᠬᠢᠬᠦ ᠶᠢ ᠲᠣᠳᠣᠷᠬᠠᠶᠢᠯᠠᠵᠤ᠂ ᠬᠥᠯᠥᠨ ᠪᠤᠶᠢᠷ ᠤᠨ ᠺᠠᠳ᠋ᠷ ᠣᠯᠠᠨ ᠲᠦᠮᠡᠨ ᠤ ᠠᠵᠢᠯ ᠬᠢᠬᠦ ᠰᠠᠨᠠᠭ᠎ᠠ ᠲᠠᠢ᠂ ᠠᠵᠢᠯ ᠬᠢᠵᠦ ᠳᠡᠶᠢᠯᠬᠦ᠂ ᠭᠤᠶᠣ ᠰᠠᠶᠢᠬᠠᠨ ᠪᠦᠲᠦᠭᠡᠵᠦ ᠳᠡᠶᠢᠯᠬᠦ ᠰᠠᠶᠢᠨ ᠰᠠᠶᠢᠬᠠᠨ ᠳᠦᠷᠢ ᠲᠥᠷᠬᠦ ᠶᠢ ᠭᠦᠢᠴᠡᠳ ᠢᠯᠡᠷᠡᠭᠦᠯᠬᠦ ᠬᠡᠷᠡᠭᠲᠡᠶ᠃ ᠰᠢᠰᠲ᠋ᠧᠮᠲᠦ ᠰᠡᠳᠬᠢᠬᠦᠶ ᠪᠠᠷ ᠣᠳᠣᠬᠠᠨ ᠤ ᠡᠯ᠎ᠡ ᠵᠦᠢᠯ ᠤᠨ ᠭᠤᠤᠯᠳᠠᠯᠭ᠎ᠠ ᠲᠠᠢ ᠠᠵᠢᠯ ᠢ ᠰᠠᠶᠢᠲᠤᠷ ᠠᠳᠬᠤᠵᠤ᠂ ᠣᠳᠣᠬᠠᠨ ᠤ ᠪᠠ ᠠᠯᠤᠰ ᠬᠡᠲᠦ ᠶᠢ ᠬᠠᠮᠲᠤ ᠳᠤᠨᠢ ᠬᠠᠷᠠᠭᠠᠯᠵᠠᠵᠤ᠂ ᠨᠠᠮ ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢ ᠪᠥᠬᠦ ᠬᠤᠲᠠ ᠶᠢᠨ ᠭᠤᠤᠯ ᠠᠵᠢᠯ ᠲᠠᠢ ᠨᠢᠭᠡᠳᠦᠯᠲᠡᠶ ᠲᠥᠯᠥᠪᠵᠢᠭᠦᠯᠵᠦ᠂ ᠨᠢᠭᠡ ᠴᠣᠭᠴᠠᠵᠢᠭᠤᠯᠤᠨ ᠠᠬᠢᠭᠤᠯᠵᠤ᠂ ᠣᠨᠣᠯ ᠤᠨ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠨᠢᠭᠡ ᠭᠤᠤᠯ ᠱᠤᠭᠤᠮ ᠳᠤ ᠲᠤᠭᠤᠰᠢᠯᠠᠭᠤᠯᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠬᠦ᠂ ︽ᠵᠢᠷᠭᠤᠭᠠᠨ  ᠠᠵᠢᠯᠯᠠᠭᠠᠨ︾ ᠥᠷᠨᠢᠭᠦᠯᠬᠦ ᠵᠢᠴᠢ ᠲᠠᠪᠤᠨ ᠵᠦᠢᠯ ᠤᠨ ᠥᠭᠡᠷᠡᠴᠢᠯᠡᠯᠲᠡ ᠶᠢᠨ ᠰᠡᠳᠦᠪ ᠪᠣᠯᠤᠨ ᠪᠥᠬᠦ ᠬᠦᠷᠢᠶ᠎ᠡ ᠴᠠᠷᠠᠭ᠎ᠠ ᠪᠥᠬᠦ ᠬᠦᠴᠦᠨ ᠵᠦᠢᠯ ᠢ ᠵᠢᠭᠰᠠᠭᠠᠨ ᠪᠠᠶᠢᠴᠠᠭᠠᠭᠰᠠᠨ ᠦᠷ᠎ᠡ ᠪᠦᠲᠦᠭᠡᠯ ᠤᠨ ︽ᠬᠤᠶᠠᠷ ᠢ ᠬᠤᠪᠢᠷᠠᠭᠤᠯᠬᠤ︾ ᠵᠡᠷᠭᠡ ᠭᠤᠤᠯᠳᠠᠯᠭ᠎ᠠ ᠲᠠᠢ ᠠᠵᠢᠯ ᠳᠡᠭᠡᠷ᠎ᠡ ᠢᠯᠡᠷᠡᠭᠦᠯᠵᠦ᠂ ᠪᠥᠬᠦ ᠵᠢᠯ ᠤᠨ ᠬᠠᠷᠠᠯᠲᠠ ᠡᠭᠦᠷᠭᠡ ᠪᠠᠨ ᠪᠥᠬᠦ ᠬᠦᠴᠦᠨ ᠢᠶᠠᠷ ᠢᠶᠠᠨ ᠪᠡᠶᠡᠯᠡᠭᠦᠯᠬᠦ ᠬᠡᠷᠡᠭᠲᠡᠶ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠡᠳᠦᠷ ᠲᠤᠳᠤᠮ ᠤᠨ ᠠᠵᠢᠯ ᠳᠠᠭᠠᠨ ᠠᠭᠤᠰᠤᠯᠴᠠᠭᠤᠯᠵᠤ᠂ ᠪᠠᠶᠢᠩᠭᠤ ᠠᠳᠬᠤᠵᠤ᠂ ᠨᠠᠮᠴᠢ ᠴᠢᠨᠠᠷ ᠨᠠᠮ ᠤᠨ ᠰᠤᠷᠲᠠᠯ ᠨᠠᠮ ᠤᠨ ᠰᠠᠬᠢᠯᠭ᠎ᠠ ᠪᠠᠲᠤ ᠶᠢ ᠵᠡᠷᠭᠡ ᠪᠠᠷ ᠠᠳᠬᠤᠬᠤ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠢᠷᠡᠯ ᠢ ᠡᠰᠡᠷᠭᠦᠴᠡᠬᠦ ᠶᠢ ᠬᠠᠷᠢᠯᠴᠠᠨ ᠨᠡᠪᠲᠡᠷᠡᠯᠴᠡᠭᠦᠯᠬᠦ ᠶᠢ ᠪᠠᠷᠢᠮᠲᠠᠯᠠᠵᠤ᠂ ᠰᠤᠷᠤᠯᠴᠠᠨ ᠪᠠᠶᠢᠴᠠᠭᠠᠵᠤ ᠵᠠᠯᠠᠷᠠᠭᠤᠯᠬᠤ ᠶᠢ ᠨᠢᠭᠡ ᠴᠤᠬᠴᠠᠵᠢᠭᠤᠯᠤᠨ ᠠᠬᠢᠭᠤᠯᠵᠤ᠂ ᠰᠤᠷᠤᠯᠴᠠᠪᠠᠯ ᠴᠢᠨᠠᠷ ᠴᠢᠨᠰᠠᠭ᠎ᠠ ᠲᠠᠢ᠂ ᠥᠭᠡᠷᠡᠴᠢᠯᠡᠪᠡᠯ ᠡᠷᠴᠢᠮ ᠲᠠᠢ᠂ ᠪᠠᠶᠢᠴᠠᠭᠠᠪᠠᠯ ᠦᠷ᠎ᠡ ᠪᠦᠲᠦᠮᠵᠢ ᠲᠠᠢ ᠪᠠᠶᠢᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ