ᠬᠥᠯᠥᠨ ᠪᠤᠶᠢᠷ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ 2025 ᠣᠨ ᠤ ᠭᠤᠷᠪᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠢᠪᠠ
ᠨᠡᠶᠢᠲᠡᠯᠡᠭᠰᠡᠨ ᠴᠠᠭ᠄
2025/4/1
       3 ᠳ᠋ᠤᠭᠠᠷ ᠰᠠᠷ᠎ᠠ ᠶᠢᠨ 27 ᠤ ᠡᠳᠦᠷ᠂ ᠬᠥᠯᠥᠨ ᠪᠤᠶᠢᠷ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ 2025 ᠣᠨ ᠤ ᠭᠤᠷᠪᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠢᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠵᠢᠢ ᠶᠦᠩ ᠴᠢᠶᠠᠨ ᠬᠤᠷᠠᠯ ᠡᠷᠬᠢᠯᠡᠵᠦ ᠶᠠᠷᠢᠶ᠎ᠠ ᠲᠠᠯᠪᠢᠪᠠ᠃       ᠬᠤᠷᠠᠯ ᠳᠡᠭᠡᠷ᠎ᠡ᠂ ᠶᠦᠩ ᠴᠢᠶᠠᠨ ᠶᠡᠷᠦᠩᠬᠡᠢ ᠱᠦᠵᠢ ᠰᠢ ᠶᠢᠨ ᠫᠢᠩ ᠤᠨ ᠶᠦᠨᠨᠠᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ︽ᠦᠨᠡᠨ︾ ᠰᠡᠳᠬᠦᠯ ᠤᠨ ᠨᠡᠶᠢᠲᠡᠯᠡᠭᠰᠡᠨ ᠴᠢᠬᠤᠯᠠ ᠵᠣᠬᠢᠶᠠᠯ ᠤᠨ ᠵᠣᠷᠢᠭ ᠰᠠᠨᠠᠭ᠎ᠠ᠂ ᠪᠦᠬᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠠᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠳᠠᠭᠠᠭᠤᠯᠤᠨ ᠰᠤᠷᠤᠯᠴᠠᠪᠠ᠃       ᠬᠤᠷᠠᠯ ᠠᠴᠠ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠵᠥᠪ ᠣᠨᠣᠪᠴᠢᠲᠠᠶ ᠪᠠᠷ ᠪᠥᠬᠦ ᠲᠠᠯ᠎ᠠ ᠪᠠᠷ ᠲᠤᠭᠤᠰᠢᠯᠠᠭᠤᠯᠵᠤ᠂ ᠠᠵᠤ ᠠᠬᠤᠶ ᠶᠢᠨ ᠶᠠᠪᠤᠭᠳᠠᠯ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠬᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠪᠣᠯᠤᠨ ᠠᠶᠤᠯ ᠲᠦᠭᠰᠢᠭᠦᠷᠢ ᠶᠢ ᠰᠡᠷᠭᠡᠶᠢᠯᠡᠬᠦ ᠵᠡᠷᠭᠡ ᠭᠤᠤᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠨᠢᠭᠡᠳᠦᠭᠡᠷ ᠤᠯᠠᠷᠢᠯ ᠤᠨ ︽ᠰᠠᠶᠢᠨ ᠡᠬᠢᠯᠡᠯᠲᠡ︾ ᠶᠢᠨ ᠬᠠᠷᠠᠯᠲᠠ ᠶᠢ ᠤᠷᠤᠭᠰᠢᠲᠠᠶ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠬᠠᠩᠭᠠᠯᠭ᠎ᠠ ᠬᠡᠷᠡᠭᠴᠡᠭᠡ ᠶᠢᠨ ᠬᠤᠶᠠᠷ ᠲᠠᠯ᠎ᠠ ᠪᠠᠷ ᠬᠠᠮᠵᠢᠯᠴᠠᠨ ᠬᠦᠴᠦᠯᠡᠬᠦ ᠶᠢ ᠪᠠᠷᠢᠮᠲᠠᠯᠠᠵᠤ᠂ ᠡᠯ᠎ᠡ ᠲᠥᠷᠥᠯ ᠤᠨ ᠨᠡᠮᠡᠭᠳᠡᠯ ᠡᠬᠢ ᠪᠠᠶᠠᠯᠢᠭ ᠪᠠ ᠦᠯᠡᠳᠡᠭᠡᠯ ᠡᠬᠢ ᠪᠠᠶᠠᠯᠢᠭ ᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠬᠡᠷᠡᠭᠯᠡᠵᠦ᠂ ᠰᠢᠨ᠎ᠡ ᠬᠠᠭᠤᠴᠢᠨ ᠬᠥᠭᠵᠢᠯᠲᠡ ᠶᠢᠨ ᠬᠥᠳᠡᠯᠭᠡᠬᠦ ᠡᠨᠧᠷᠭᠢ ᠶᠢᠨ ᠲᠣᠭᠲᠠᠭᠤᠨ ᠢᠶᠠᠷ ᠰᠣᠯᠢᠭᠳᠠᠬᠤ ᠶᠢ ᠠᠬᠢᠭᠤᠯᠵᠤ᠂ ᠬᠥᠯᠥᠨ ᠪᠤᠶᠢᠷ ᠤᠨ ᠣᠨᠴᠠᠯᠢᠭ ᠲᠠᠢ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠳᠬᠡᠨ ᠪᠠᠶᠢᠭᠤᠯᠬᠤ ᠬᠡᠷᠡᠭᠲᠡᠶ᠃ ︽ᠬᠤᠶᠠᠷ ᠡᠷᠡᠰ ᠭᠤᠶᠢᠪᠢᠰᠢ ᠥᠬᠡᠶ︾ ᠶᠢ ᠪᠠᠷᠢᠮᠲᠠᠯᠠᠨ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠨᠠᠷᠢᠨ ᠨᠢᠮᠪᠠᠶ ᠵᠣᠬᠢᠶᠠᠨ ᠪᠠᠶᠢᠭᠤᠯᠤᠨ ᠥᠷᠨᠢᠭᠦᠯᠵᠦ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠨᠢᠭᠡ ᠯᠡ ᠠᠳᠠᠯᠢ ᠪᠠᠷ ᠰᠠᠶᠢᠲᠤᠷ ᠨᠠᠶᠢᠳᠠᠪᠤᠷᠢᠵᠢᠭᠤᠯᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠦᠰᠦᠨ ᠪᠤᠶᠢᠵᠢᠯᠲᠠ ᠳᠤ ᠦᠨᠡᠨ ᠰᠡᠳᠬᠢᠯ ᠠᠴᠠ ᠪᠠᠨ ᠬᠦᠴᠦᠨ ᠨᠡᠮᠡᠷᠢᠯᠡᠬᠦ ᠬᠡᠷᠡᠭᠲᠡᠶ᠃ ᠠᠭᠤᠯᠠ ᠤᠰᠤ ᠤᠢ ᠲᠠᠷᠢᠶ᠎ᠠ ᠨᠠᠭᠤᠷ ᠪᠡᠯᠴᠢᠭᠡᠷ ᠡᠯᠡᠰᠦ ᠶᠢ ᠨᠢᠭᠡ ᠴᠤᠬᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠲᠦᠷᠢᠮ ᠲᠣᠭᠲᠠᠴᠠ ᠶᠢ ᠤᠯᠠᠮ ᠴᠢᠨᠠᠭᠰᠢᠳᠠ ᠪᠦᠷᠢᠨᠰᠢᠬᠦᠯᠤᠨ᠂ ᠭᠤᠣᠯᠳᠠᠯᠭ᠎ᠠ ᠲᠠᠢ ᠣᠷᠣᠨ ᠪᠦᠰᠡ ᠶᠢᠨ ᠠᠮᠢ ᠠᠬᠤᠢ ᠶᠢᠨ ᠵᠠᠰᠠᠯᠲᠠ ᠶᠢ ᠦᠨᠡᠨ ᠬᠦ ᠰᠠᠶᠢᠲᠤᠷ ᠠᠳᠬᠤᠵᠤ᠂ ᠡᠯ᠎ᠡ ᠲᠦᠷᠦᠯ ᠤᠨ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠶᠡᠭᠡ ᠬᠦᠴᠦ ᠣᠷᠣᠭᠤᠯᠤᠨ ᠴᠡᠭᠴᠡᠯᠡᠨ ᠰᠠᠶᠢᠵᠢᠷᠠᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ