3 ᠳ᠋ᠤᠭᠠᠷ ᠰᠠᠷ᠎ᠠ ᠶᠢᠨ 26 ᠤ ᠡᠳᠦᠷ ᠠᠴᠠ 27 ᠤ ᠡᠳᠦᠷ ᠪᠣᠯᠲᠠᠯ᠎ᠠ᠂ ᠬᠤᠲᠠ ᠶᠢᠨ ᠨᠠᠮ ᠤᠨ ᠬᠤᠷᠢᠶ᠎ᠠ ᠲᠥᠪ ᠤᠨ ᠨᠠᠢᠮᠠᠨ ᠲᠣᠭᠲᠠᠭᠠᠯ ᠤᠨ ᠵᠣᠷᠢᠭ | ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠡᠷᠭᠢᠯᠡᠵᠦ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ | ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠪᠠ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ | ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠬᠤᠲᠠ ᠶᠢᠨ ᠲᠠᠰ ᠤᠨ ᠤᠳᠤᠷᠢᠳᠬᠤ ᠺᠠᠳ᠋ᠷ ᠤᠷᠢᠳ ᠢᠶᠠᠷ ᠰᠤᠷᠤᠯᠴᠠᠵᠤ ᠤᠷᠢᠳ ᠢᠶᠠᠷ ᠬᠡᠷᠡᠭᠵᠢᠭᠦᠯᠦᠨ᠂ | ᠪᠥᠬᠦ ᠬᠤᠲᠠ ᠶᠢᠨ ᠰᠤᠷᠤᠯᠴᠠᠯᠭ᠎ᠠ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠵᠢᠱᠢᠶ᠎ᠡ ᠦᠵᠡᠭᠦᠯᠦᠨ ᠳᠠᠶᠢᠴᠢᠯᠠᠪᠠ᠃ ᠬᠤᠲᠠ ᠶᠢᠨ ᠨᠠᠮ ᠤᠨ ᠬᠤᠷᠢᠶᠠᠨ ᠤ | ᠱᠦᠵᠢ ᠸᠠᠩ ᠸᠠᠩ ᠱᠧᠩ ᠬᠤᠷᠠᠯ ᠢ ᠡᠷᠭᠢᠯᠡᠪᠡ᠃ | ᠨᠣᠮ ᠤᠩᠰᠢᠬᠤ ᠠᠩᠭᠢ ᠶᠢ ᠲᠤᠰᠬᠠᠶ ᠰᠡᠳᠦᠪ ᠢᠶᠠᠷ ᠬᠠᠪᠰᠤᠷᠤᠨ ᠵᠢᠯᠣᠭᠤᠳᠬᠤ᠂ ᠲᠥᠪᠯᠡᠷᠡᠭᠦᠯᠦᠨ ᠦᠪᠡᠰᠦᠪᠡᠨ ᠰᠤᠷᠤᠯᠴᠠᠬᠤ ᠶᠢ ᠤᠶᠠᠯᠳᠤᠭᠤᠯᠬᠤ | ᠠᠷᠭ᠎ᠠ ᠮᠠᠶ᠋ᠢᠭ ᠢᠶᠠᠷ ᠶᠠᠪᠤᠭᠳᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠰᠤᠷᠭᠠᠭᠤᠯᠢ ᠶᠢᠨ ᠲᠤᠰᠬᠠᠢ ᠮᠡᠷᠭᠡᠵᠢᠯᠲᠡᠨ ᠫᠷᠤᠹᠧᠰᠰᠤᠷ ᠲᠤᠰᠬᠠᠢ ᠰᠡᠳᠦᠪ ᠢᠶᠠᠷ | ᠬᠠᠪᠰᠤᠷᠤᠨ ᠵᠢᠯᠣᠭᠤᠳᠪᠠ᠃ | ᠸᠠᠩ ᠸᠠᠩ ᠱᠧᠩ᠂ ᠪᠦᠬᠦ ᠬᠤᠳᠠ ᠶᠢᠨ ᠡᠯ᠎ᠡ ᠱᠠᠲᠤᠨ ᠤ ᠤᠳᠤᠷᠢᠳᠬᠤ ᠺᠠᠳ᠋ᠷ ᠰᠤᠷᠤᠯᠴᠠᠯᠭ᠎ᠠ ᠬᠥᠮᠦᠵᠢᠯ ᠢᠶᠠᠷ ᠠᠵᠠ ᠲᠣᠬᠢᠶᠠᠯ ᠪᠣᠯᠭᠠᠵᠤ᠂ ᠶᠡᠷᠦᠩᠬᠡᠢ | ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠨᠠᠷᠢᠨ ᠬᠢᠨᠠᠮᠠᠭᠠᠢ ᠰᠤᠷᠤᠯᠴᠠᠨ | ᠣᠶᠢᠯᠠᠭᠠᠵᠤ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠵᠡᠷᠭᠡ ᠪᠢᠴᠢᠭ ᠮᠠᠲ᠋ᠧᠷᠢᠶᠠᠯ ᠢ ᠲᠡᠷᠡ ᠬᠡᠪ ᠢᠶᠠᠷ ᠨᠢ᠂ | ᠪᠦᠯᠦᠭ ᠳᠠᠷᠠᠭᠠᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠤᠬᠠᠮᠰᠠᠷᠲᠤ ᠴᠢᠨᠠᠷ ᠪᠣᠯᠤᠨ ᠡᠷᠡᠰ ᠪᠠᠲᠤ ᠴᠢᠨᠠᠷ ᠢᠶᠠᠨ ᠴᠢᠩᠭᠠᠳᠬᠠᠵᠤ᠂ ᠪᠣᠳᠠᠲᠤ | ᠠᠵᠢᠯᠯᠠᠭ᠎ᠠ ᠪᠠᠷ ᠢᠶᠠᠨ ︽ᠬᠤᠶᠠᠷ ᠢ ᠲᠤᠭᠲᠠᠭᠠᠭᠰᠠᠨ︾ ᠢ ᠦᠨᠡᠨᠴᠢ ᠰᠢᠳᠤᠷᠭᠤ ᠪᠠᠷ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ᠃ | ᠰᠤᠷᠤᠯᠴᠠᠬᠤ ᠶᠢᠨ ᠳᠠᠭᠠᠤ ᠪᠠᠶᠢᠴᠠᠭᠠᠨ ᠳᠡᠯᠭᠡᠬᠦ ᠶᠢ ᠪᠠᠷᠢᠮᠲᠠᠯᠠᠵᠤ᠂ ᠢᠮᠠᠭᠲᠠ ᠲᠥᠪ ᠤᠨ ᠨᠠᠢᠮᠠᠨ ᠲᠣᠭᠲᠠᠭᠠᠯ ᠢ ᠲᠡᠮᠦᠷ ᠶᠣᠰᠣ᠂ ᠬᠠᠲᠠᠭᠤ ᠪᠠᠷᠢᠮᠵᠢᠶ᠎ᠠ ᠪᠣᠯᠭᠠᠵᠤ᠂ | ᠡᠯ᠎ᠡ ᠵᠦᠢᠯ ᠤᠨ ᠲᠣᠭᠲᠠᠭᠠᠯ ᠪᠣᠯᠤᠨ ᠨᠠᠷᠢᠨ ᠲᠦᠷᠢᠮ ᠲᠠᠢ ᠴᠢᠩᠭ᠎ᠠ ᠬᠠᠷᠭᠤᠭᠤᠯᠵᠤ᠂ ᠢᠯᠠᠩᠭᠤᠶ᠎ᠠ ᠨᠡᠶᠢᠳᠡᠮ ᠡᠭᠦᠰᠴᠦ ᠪᠠᠶᠢᠭ᠎ᠠ ᠪᠠ ᠲᠠᠬᠢᠨ ᠳᠠᠪᠲᠠᠨ ᠢᠯᠡᠷᠡᠵᠦ | ᠪᠠᠶᠢᠭ᠎ᠠ ᠠᠰᠠᠭᠤᠳᠠᠯ ᠢ ᠠᠳᠬᠤᠵᠤ᠂ ᠨᠢᠭᠡᠳ ᠨᠢᠭᠡ ᠪᠠᠷ ᠨᠠᠷᠢᠨ ᠲᠠᠩᠰᠠ ᠭᠠᠷᠭᠠᠵᠤ᠂ ᠠᠷᠭ᠎ᠠ ᠬᠡᠮᠵᠢᠶ᠎ᠡ ᠲᠣᠭᠲᠠᠭᠠᠵᠤ᠂ ᠦᠨᠡᠨ ᠬᠦ ᠲᠤᠰᠠᠲᠠᠢ ᠠᠷᠭ᠎ᠠ | ᠬᠡᠮᠵᠢᠶᠡᠠᠪᠴᠤ᠂ ᠨᠢᠭᠡ ᠨᠢᠭᠡ ᠠᠰᠠᠭᠤᠳᠠᠯ ᠢᠶᠠᠷ ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠢ᠃ ᠨᠢᠭᠡ ᠭᠤᠤᠯ ᠱᠤᠭᠤᠮ ᠢ ᠲᠤᠭᠤᠰᠢᠯᠠᠭᠤᠯᠬᠤ᠂ ᠬᠤᠶᠠᠷ ᠶᠡᠭᠡ | ᠶᠠᠪᠤᠳᠠᠯ ᠢ ᠰᠠᠶᠢᠲᠤᠷ ᠬᠢᠬᠦ᠂ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠬᠦ᠂ ︽ᠵᠢᠷᠭᠤᠭᠠᠨ | ᠠᠵᠢᠯᠯᠠᠭᠠᠨ︾ ᠢ ᠥᠷᠨᠢᠭᠦᠯᠬᠦ ᠵᠢᠴᠢ ᠲᠠᠪᠤᠨ ᠵᠦᠢᠯ ᠤᠨ ᠥᠭᠡᠷᠡᠴᠢᠯᠡᠯᠲᠡ ᠶᠢᠨ ᠰᠡᠳᠦᠪ ᠪᠣᠯᠤᠨ ᠪᠥᠬᠦ ᠬᠦᠷᠢᠶ᠎ᠡ ᠪᠥᠬᠦ ᠬᠦᠴᠦᠨ ᠵᠦᠢᠯ ᠢ ᠵᠢᠭᠰᠠᠭᠠᠨ ᠪᠠᠶᠢᠴᠠᠭᠠᠭᠰᠠᠨ | ᠦᠷ᠎ᠡ ᠪᠦᠲᠦᠭᠡᠯ ᠢ ︽ᠬᠤᠶᠠᠷ ᠢ ᠬᠤᠪᠢᠷᠠᠭᠤᠯᠬᠤ︾ ᠵᠡᠷᠭᠡ ᠣᠳᠣᠬᠠᠨ ᠤ ᠭᠤᠤᠯᠳᠠᠯᠭ᠎ᠠ ᠲᠠᠢ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ᠂ ᠭᠦᠨᠵᠡᠭᠡᠶ ᠰᠡᠳᠬᠢᠵᠦ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠪᠣᠳᠠᠲᠠᠶ | ᠠᠷᠭ᠎ᠠ ᠬᠡᠮᠵᠢᠶ᠎ᠡ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠰᠢᠯᠢᠳᠡᠭ ᠰᠤᠷᠲᠠᠯ᠂ ᠬᠥᠭᠵᠢᠯᠲᠡ ᠶᠢ ᠲᠦᠷᠭᠡᠳᠬᠡᠬᠦ ᠬᠦᠴᠦᠷᠬᠡᠭ ᠶᠡᠭᠡ | ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠪᠠᠷ ᠴᠢᠷᠮᠠᠶᠢᠬᠤ ᠬᠡᠷᠡᠭᠲᠡᠶ᠃ | ᠬᠤᠶᠠᠷ ᠡᠳᠦᠷ ᠤᠨ ᠲᠤᠷᠰᠢ᠂ ᠰᠤᠷᠭᠠᠭᠤᠯᠢ ᠳᠤ ᠣᠷᠣᠯᠴᠠᠭᠰᠠᠨ ᠤᠳᠤᠷᠢᠳᠬᠤ ᠨᠥᠬᠦᠳ ᠲᠣᠭᠲᠠᠭᠰᠠᠨ ᠨᠣᠮ ᠤᠨ ᠭᠠᠷᠴᠠᠭ ᠪᠣᠯᠤᠨ ᠪᠢᠴᠢᠭ | ᠮᠠᠲ᠋ᠧᠷᠢᠶᠠᠯ ᠢ ᠨᠠᠷᠢᠨ ᠬᠢᠨᠠᠮᠠᠭᠠᠶ ᠰᠤᠳᠤᠯᠤᠨ ᠤᠩᠰᠢᠵᠤ᠂ ᠲᠥᠪᠯᠡᠷᠡᠭᠦᠯᠦᠨ ᠥᠪᠡᠰᠦᠪᠡᠨ ᠰᠤᠷᠤᠯᠴᠠᠬᠤ ᠪᠠᠷ ᠳᠠᠮᠵᠢᠭᠤᠯᠤᠨ᠂ ᠰᠤᠷᠲᠠᠯ ᠤᠨ ᠪᠠᠶᠢᠭᠤᠯᠤᠯᠲᠠ ᠶᠢ | ᠴᠢᠩᠭᠠᠳᠬᠠᠬᠤ ᠶᠢᠨ ᠴᠢᠬᠤᠯᠠ ᠴᠢᠨᠠᠷ᠂ ᠲᠤᠯᠭᠠᠮ᠎ᠠ ᠴᠢᠨᠠᠷ ᠪᠣᠯᠤᠨ ᠣᠷᠳᠣ ᠬᠤᠭᠤᠴᠠᠭᠠᠲᠤ ᠴᠢᠨᠠᠷ ᠤᠨ ᠲᠤᠬᠠᠶ ᠲᠠᠨᠢᠯᠲᠠ ᠪᠠᠨ ᠭᠦᠨᠵᠡᠭᠡᠶᠢᠷᠡᠭᠦᠯᠵᠦ᠂ ᠲᠥᠪ ᠤᠨ | ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠤᠯᠤᠰ ᠲᠥᠷᠥ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠣᠯᠤᠨ | ᠦᠢᠯᠡ ᠠᠵᠢᠯᠯᠠᠭᠠᠨ ᠤ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠠᠶ᠃ |