3 ᠳ᠋ᠤᠭᠠᠷ ᠰᠠᠷ᠎ᠠ ᠶᠢᠨ 28 ᠤ ᠡᠳᠦᠷ᠂ ᠬᠥᠯᠥᠨ ᠪᠤᠶᠢᠷ ᠬᠤᠲᠠ ᠶᠢᠨ ᠤᠯᠤᠰ ᠲᠥᠷᠥ ᠶᠢᠨ ᠵᠥᠪᠯᠡᠯᠭᠡᠨ ︽ᠨᠤᠲᠤᠭ ᠪᠡᠯᠴᠢᠭᠡᠷ ᠤᠨ ᠳᠠᠭᠠᠭᠠᠴᠠ ᠠᠴᠠ | ᠬᠡᠲᠦᠷᠡᠳᠡᠯ᠎ᠡ ᠬᠡᠲᠦ ᠮᠠᠯᠵᠢᠬᠤ ᠠᠰᠠᠭᠤᠳᠠᠯ ᠢ ᠰᠢᠰᠲ᠋ᠧᠮ ᠲᠠᠢ ᠰᠢᠢᠳᠪᠦᠷᠢᠯᠡᠬᠦ ᠤᠯᠠᠮᠵᠢᠯᠠᠯᠲᠤ ᠮᠠᠯ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠲᠠᠰ | ᠳᠡᠪᠰᠢᠬᠦ ᠶᠢ ᠠᠬᠢᠭᠤᠯᠬᠤ︾ ᠲᠤᠰᠬᠠᠶ ᠰᠡᠳᠦᠪᠲᠦ ᠵᠥᠪᠳᠡᠯᠴᠡᠨ ᠰᠤᠷᠤᠯᠴᠠᠬᠤ ᠪᠣᠯᠪᠠᠰᠤᠷᠠᠭᠤᠯᠤᠯ ᠤᠨ ᠬᠤᠷᠠᠯ ᠬᠤᠷᠠᠯᠳᠤᠭᠤᠯᠪᠠ᠃ ᠬᠤᠲᠠ ᠶᠢᠨ ᠤᠯᠤᠰ | ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠯᠢᠦᠶ ᠬᠦᠶ ᠾᠧ ᠪᠣᠯᠪᠠᠰᠤᠷᠠᠯ ᠳᠤ ᠣᠷᠣᠯᠴᠠᠵᠤ᠂ ᠬᠤᠲᠠ ᠶᠢᠨ | ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠭᠦᠩ ᠹᠧᠶ ᠲᠢᠶᠠᠨ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃ | ᠪᠣᠯᠪᠠᠰᠤᠷᠠᠭᠤᠯᠤᠯ ᠤᠨ ᠬᠤᠷᠠᠯ ᠳᠡᠭᠡᠷ᠎ᠡ᠂ ᠬᠤᠶᠠᠷ ᠲᠤᠰᠬᠠᠶ ᠮᠡᠷᠭᠡᠵᠢᠯᠲᠡᠨ ᠲᠣᠰ ᠲᠣᠰ ︽ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ | ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠳᠡᠯ᠎ᠡ ᠬᠡᠲᠦ ᠮᠠᠯᠵᠢᠬᠤ ᠠᠰᠠᠭᠤᠳᠠᠯ ᠢ ᠰᠢᠢᠳᠪᠦᠷᠢᠯᠡᠬᠦ ᠤᠯᠠᠮᠵᠢᠯᠠᠯᠲᠤ ᠮᠠᠯ ᠠᠵᠤ ᠠᠬᠤᠶ ᠶᠢᠨ ᠬᠡᠯᠪᠡᠷᠢ ᠶᠢ | ᠬᠤᠪᠢᠷᠠᠭᠤᠯᠤᠨ ᠲᠠᠰ ᠳᠡᠪᠰᠢᠭᠦᠯᠬᠦ ᠶᠢ ᠠᠬᠢᠭᠤᠯᠬᠤ︾ ᠪᠠ ︽ᠬᠥᠯᠥᠨ ᠪᠤᠶᠢᠷ ᠬᠤᠲᠠ ᠶᠢᠨ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠳᠡᠯ᠎ᠡ ᠬᠡᠲᠦ | ᠮᠠᠯᠵᠢᠬᠤ ᠠᠰᠠᠭᠤᠳᠠᠯ ᠢ ᠰᠢᠢᠳᠪᠦᠷᠢᠯᠡᠬᠦ ᠲᠥᠷᠥ ᠶᠢᠨ ᠪᠣᠳᠣᠯᠭ᠎ᠠ ᠶᠢᠨ ᠲᠠᠶᠢᠯᠤᠮᠵᠢ︾ ᠶᠢᠨ ᠲᠣᠭᠤᠷᠢᠨ ᠳᠤ ᠲᠤᠰᠬᠠᠶ ᠰᠡᠳᠦᠪ ᠢᠶᠠᠷ ᠬᠠᠪᠰᠤᠷᠤᠨ ᠵᠢᠯᠣᠭᠤᠳᠪᠠ᠃ | ᠬᠤᠷᠠᠯ ᠠᠴᠠ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠲᠣᠳᠣᠷᠬᠠᠶᠢᠯᠠᠵᠤ᠂ ᠲᠤᠰᠬᠠᠢ | ᠰᠡᠳᠦᠪᠲᠦ ᠵᠥᠪᠯᠡᠬᠦ ᠠᠵᠢᠯ ᠢ ᠰᠠᠶᠢᠲᠤᠷ ᠬᠢᠬᠦ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠬᠦ ᠬᠡᠷᠡᠭᠲᠡᠢ᠃ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ | ᠪᠠᠷᠢᠮᠲᠠᠯᠠᠵᠤ᠂ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠳᠡᠯ᠎ᠡ ᠬᠡᠲᠦ ᠮᠠᠯᠵᠢᠬᠤ ᠪᠠ ᠤᠯᠠᠮᠵᠢᠯᠠᠯᠲᠤ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ | ᠲᠡᠰ ᠳᠡᠪᠰᠢᠭᠦᠯᠬᠦ ᠶᠢ ᠠᠬᠢᠭᠤᠯᠬᠤ ᠳᠤ ᠣᠷᠣᠰᠢᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠤᠨᠤᠴᠠᠲᠠᠢ ᠪᠠᠷ ᠠᠷᠭ᠎ᠠ | ᠤᠬᠠᠭᠠᠨ ᠭᠠᠷᠭᠠᠵᠤ᠂ ᠤᠯᠤᠰ ᠲᠦᠷᠦ ᠶᠢᠨ ᠵᠥᠪᠯᠡᠯᠭᠡᠨ ᠤ ᠵᠦᠪᠳᠡᠯᠴᠡᠭᠡ ᠬᠢᠵᠦ ᠲᠦᠷᠦ ᠶᠢᠨ ᠶᠠᠪᠤᠳᠠᠯ ᠢ ᠵᠥᠪᠯᠡᠬᠦ ᠪᠣᠳᠠᠲᠤ ᠦᠷ᠎ᠡ ᠪᠦᠲᠦᠮᠵᠢ ᠶᠢ ᠨᠡᠮᠡᠭᠳᠡᠭᠦᠯᠬᠦ | ᠬᠡᠷᠡᠭᠲᠡᠢ᠃ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠤᠬᠠᠭᠤᠯᠬᠤ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠪᠥᠬᠦ ᠨᠡᠶᠢᠭᠡᠮ ᠢᠶᠠᠷ ᠢᠶᠠᠨ ᠳᠡᠭᠡᠳᠦ | ᠬᠡᠮᠵᠢᠶ᠎ᠡ ᠪᠠᠷ ᠠᠩᠬᠠᠷᠴᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠤᠯᠠᠮᠵᠢᠯᠠᠯᠲᠤ ᠮᠠᠯ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠲᠠᠰ | ᠳᠡᠪᠰᠢᠭᠦᠯᠬᠦ ᠶᠢ ᠠᠬᠢᠭᠤᠯᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ ᠭᠡᠵᠦ ᠱᠠᠭᠠᠷᠳᠠᠪᠠ᠃ | ᠬᠤᠷᠠᠯ ᠨᠢ ᠸᠢᠳᠢᠣ᠋ ᠶᠢᠨ ᠬᠡᠯᠪᠡᠷᠢ ᠪᠠᠷ ᠶᠠᠪᠤᠭᠳᠠᠵᠤ᠂ ᠮᠠᠯᠵᠢᠬᠤ ᠲᠦᠷᠪᠡᠨ ᠬᠤᠰᠢᠭᠤᠨ ᠳᠤ ᠬᠤᠪᠢᠶᠠᠷᠢ ᠬᠤᠷᠠᠯ ᠤᠨ ᠲᠠᠯᠠᠪᠠᠢ ᠲᠤᠬᠢᠷᠠᠭᠤᠯᠪᠠ᠃ |