4 ᠰᠠᠷ᠎ᠠ ᠶᠢᠨ 7 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠬᠠᠮᠲᠤ ᠶᠢᠨ ᠰᠤᠷᠤᠯᠴᠠᠯᠭ᠎ᠠ ᠶᠢᠨ ᠬᠤᠷᠠᠯ | ᠬᠢᠵᠦ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ | ᠰᠤᠷᠤᠯᠴᠠᠨ ᠣᠶᠢᠯᠠᠭᠠᠭᠰᠠᠨ ᠪᠥᠭᠡᠳ ᠡᠨᠡ ᠬᠦ ᠭᠤᠤᠯ ᠰᠡᠳᠦᠪ ᠤᠨ ᠲᠣᠭᠤᠷᠢᠨ ᠳᠤ ᠰᠠᠨᠠᠯ ᠢᠶᠠᠨ ᠰᠣᠯᠢᠯᠴᠠᠵᠤ ᠰᠤᠳᠤᠯᠤᠨ ᠶᠠᠷᠢᠯᠴᠠᠪᠠ᠃ ᠬᠤᠲᠠ ᠶᠢᠨ ᠨᠠᠮ ᠤᠨ | ᠬᠤᠷᠢᠶᠠᠨ ᠤ ᠱᠦᠵᠢ ᠸᠠᠩ ᠸᠠᠩ ᠱᠧᠩ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ | ᠬᠤᠷᠠᠯ ᠳᠡᠭᠡᠷ᠎ᠡ᠂ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠦᠵᠡᠪᠡ᠃ ᠭᠤᠣᠯ ᠳᠤᠭᠤᠶᠢᠯᠠᠩ ᠤᠨ ᠪᠦᠷᠢᠯᠳᠦᠬᠦᠨ ᠨᠡᠷ ᠦᠵᠡᠯ ᠰᠠᠨᠠᠭ᠎ᠠ ᠪᠠ ᠠᠵᠢᠯ ᠤᠨ | ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠤᠬᠠᠢ ᠶᠢᠨ ᠲᠠᠯᠠᠪᠠᠢ ᠳᠤ ᠶᠠᠷᠢᠶ᠎ᠠ ᠲᠠᠯᠪᠢᠵᠤ᠂ ᠪᠢᠴᠢᠭ ᠢᠶᠠᠷ ᠰᠠᠨᠠᠯ ᠢᠶᠠᠨ ᠰᠣᠯᠢᠯᠴᠠᠪᠠ᠃ | ᠸᠠᠩ ᠸᠠᠩ ᠱᠧᠩ᠂ ᠶᠡᠷᠦᠩᠬᠡᠢ ᠱᠦᠵᠢ ᠰᠢ ᠶᠢᠨ ᠫᠢᠩ ᠣᠪᠣᠷ ᠰᠤᠷᠲᠠᠯ ᠤᠨ ᠠᠰᠠᠭᠤᠳᠠᠯ ᠪᠣᠯ ᠮᠥᠨ ᠴᠢᠨᠠᠷ ᠳᠡᠭᠡᠷ᠎ᠡ ᠪᠠᠨ ᠨᠠᠮᠴᠢ ᠴᠢᠨᠠᠷ ᠤᠨ ᠠᠰᠠᠭᠤᠳᠠᠯ | ᠪᠣᠯᠤᠨ᠎ᠠ᠃ ᠤᠳᠤᠷᠢᠳᠬᠤ ᠺᠠᠳ᠋ᠷ ᠲᠤᠰ ᠤᠳᠠᠭ᠎ᠠ ᠶᠢᠨ ᠰᠤᠷᠤᠯᠴᠠᠯᠭ᠎ᠠ ᠬᠥᠮᠦᠵᠢᠯ ᠢ ᠲᠦᠷᠪᠡᠨ ᠤᠬᠠᠮᠰᠠᠷ᠂ ᠲᠦᠷᠪᠡᠨ ᠢᠲᠡᠭᠡᠯ᠂ ᠬᠤᠶᠠᠷ ᠢ ᠬᠠᠮᠠᠭᠠᠯᠠᠬᠤ | ᠰᠢᠯᠭᠠᠭᠤᠷ ᠪᠣᠯᠭᠠᠵᠤ᠂ ᠤᠬᠠᠮᠰᠠᠷ ᠠᠴᠠ ᠪᠠᠨ ᠰᠠᠨᠠᠭᠠᠴᠢᠯᠠᠭ᠎ᠠ ᠠᠴᠠ ᠪᠠᠨ ᠨᠠᠮᠴᠢ ᠴᠢᠨᠠᠷ ᠢᠶᠠᠷ ᠥᠪᠡᠷ ᠢ ᠪᠠᠨ ᠥᠭᠡᠷᠡᠴᠢᠯᠡᠵᠦ᠂ ᠰᠢᠨ᠎ᠡ ᠴᠠᠭ ᠦᠶ᠎ᠡ ᠶᠢᠨ ᠨᠠᠮ ᠤᠨ | ᠰᠢᠨ᠎ᠡ ᠶᠢ ᠡᠭᠦᠳᠬᠦ ᠤᠨᠤᠯ ᠢ ᠰᠢᠨᠵᠢᠯᠡᠬᠦ ᠤᠬᠠᠭᠠᠨᠴᠢ ᠪᠠᠷ ᠣᠶᠢᠯᠠᠭᠠᠵᠤ᠂ ᠰᠢᠰᠲ᠋ᠧᠮ ᠲᠠᠢ ᠡᠵᠡᠮᠳᠡᠵᠦ᠂ ᠪᠣᠳᠣᠯᠬᠢᠯᠠᠨ ᠰᠤᠷᠤᠯᠴᠠᠵᠤ᠂ ᠪᠣᠳᠠᠲᠠᠢ ᠲᠠᠢ | ᠤᠶᠠᠯᠳᠤᠭᠤᠯᠤᠨ ᠰᠤᠷᠤᠯᠴᠠᠵᠤ᠂ ᠨᠠᠮᠴᠢ ᠴᠢᠨᠠᠷ ᠤᠨ ᠪᠣᠯᠪᠠᠰᠤᠷᠠᠯ ᠢᠶᠠᠨ ᠲᠠᠰᠤᠷᠠᠯᠲᠠ ᠦᠭᠡᠢ ᠴᠢᠩᠭᠠᠳᠬᠠᠬᠤ ᠳᠤᠮᠳᠠ ᠦᠵᠡᠯ ᠰᠠᠨᠠᠭ᠎ᠠ ᠪᠠᠨ ᠦᠨᠡᠨ ᠬᠦ ᠨᠢᠭᠡᠳᠬᠡᠵᠦ᠂ | ᠴᠢᠳᠠᠪᠤᠷᠢ ᠪᠠᠨ ᠳᠡᠭᠡᠭᠰᠢᠯᠡᠭᠦᠯᠵᠦ᠂ ᠠᠵᠢᠯ ᠢᠶᠠᠨ ᠠᠬᠢᠭᠤᠯᠵᠤ᠂ ᠤᠨᠤᠯ ᠤᠨ ᠰᠤᠷᠤᠯᠴᠠᠯᠭ᠎ᠠ ᠳᠤᠮᠳᠠ ᠨᠠᠮᠴᠢ ᠴᠢᠨᠠᠷ ᠤᠨ ᠪᠣᠯᠪᠠᠰᠤᠷᠠᠯ ᠢᠶᠠᠨ ᠳᠠᠪᠲᠠᠨ | ᠪᠣᠯᠪᠠᠰᠤᠷᠠᠭᠤᠯᠬᠤ ᠬᠡᠷᠡᠭᠲᠡᠢ᠃ ᠶᠠᠭ ᠥᠷᠨᠢᠭᠦᠯᠵᠦ ᠪᠠᠶᠢᠭ᠎ᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ ᠰᠤᠷᠤᠯᠴᠠᠯᠭ᠎ᠠ ᠬᠥᠮᠦᠵᠢᠯ ᠢ ᠭᠦᠨᠵᠡᠭᠡᠶ | ᠲᠤᠭᠤᠰᠢᠯᠠᠭᠤᠯᠵᠤ᠂ ᠬᠤᠪᠢᠳᠠᠨ ᠬᠠᠮᠢᠶᠠᠷᠴᠤ ᠪᠠᠶᠢᠭ᠎ᠠ ᠹᠷᠣᠨᠲ ᠤᠨ ᠬᠦᠷᠢᠶ᠎ᠡ᠂ ᠠᠵᠢᠯ ᠲᠥᠷᠥᠯ ᠤᠨ ᠰᠠᠯᠠᠭ᠎ᠠ ᠮᠥᠴᠢᠷ ᠤᠨ ᠡᠳᠦᠷ ᠲᠤᠲᠤᠮ ᠤᠨ ᠬᠢᠨᠠᠯᠲᠠ | ᠬᠠᠮᠢᠶᠠᠷᠤᠯᠲᠠ ᠶᠢ ᠲᠦᠷᠦᠭᠦᠯᠡᠨ ᠴᠢᠩᠭᠠᠳᠬᠠᠵᠤ᠂ ᠢᠮᠠᠭᠲᠠ ᠰᠡᠷᠭᠡᠭ ᠪᠥᠭᠡᠳ ᠡᠷᠡᠰ ᠪᠠᠲᠤ ᠪᠠᠶᠢᠵᠤ᠂ ᠵᠠᠩᠭᠢᠯᠠᠭ᠎ᠠ ᠶᠢᠨ ᠭᠤᠭᠴᠤᠭ᠎ᠠ ᠪᠠ ᠭᠤᠤᠯᠳᠠᠯᠭ᠎ᠠ ᠲᠠᠢ | ᠬᠦᠷᠢᠶ᠎ᠡ ᠶᠢ ᠴᠢᠩᠭ᠎ᠠ ᠠᠩᠬᠠᠷᠴᠤ᠂ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠨᠢᠭᠡ ᠶᠢ ᠢᠯᠡᠷᠡᠭᠦᠯᠪᠡᠯ ᠨᠢᠭᠡ ᠶᠢ ᠪᠠᠶᠢᠴᠠᠭᠠᠨ ᠰᠢᠢᠳᠪᠦᠷᠢᠯᠡᠵᠦ᠂ | ᠵᠠᠷᠯᠠᠨ ᠮᠡᠳᠡᠭᠳᠡᠵᠦ ᠨᠢᠭᠡ ᠶᠢ ᠢᠯᠡᠴᠢᠯᠡᠵᠦ᠂ ᠥᠨᠳᠥᠷ ᠳᠠᠷᠤᠯᠲᠠᠲᠤ ᠰᠦᠷᠳᠡᠭᠦᠯᠦᠯ ᠢ ᠪᠣᠶ ᠪᠣᠯᠭᠠᠵᠤ᠂ ᠴᠡᠭᠴᠡᠯᠡᠨ ᠰᠠᠶᠢᠵᠢᠷᠠᠭᠤᠯᠬᠤ ᠶᠢ ᠦᠨᠡᠨ ᠬᠦ ᠪᠠᠲᠤᠯᠠᠵᠤ᠂ | ᠰᠤᠷᠲᠠᠯ ᠢ ᠦᠨᠡᠨ ᠬᠦ ᠬᠤᠪᠢᠷᠠᠭᠤᠯᠵᠤ᠂ ᠪᠠᠶᠢᠴᠠᠭᠠᠨ ᠰᠠᠶᠢᠵᠢᠷᠠᠭᠤᠯᠵᠤ ᠨᠡᠪᠲᠡᠷᠡᠭᠦᠯᠬᠦ ᠳᠤᠮᠳᠠ ᠰᠢᠯᠭᠠᠷᠠᠭᠰᠠᠨ ᠰᠤᠷᠲᠠᠯ ᠢᠶᠠᠨ ᠳᠠᠪᠲᠠᠨ ᠪᠣᠯᠪᠠᠰᠤᠷᠠᠭᠤᠯᠬᠤ ᠬᠡᠷᠡᠭᠲᠡᠶ᠃ | ᠭᠤᠷᠪᠠ ᠶᠢ ᠰᠠᠯᠭᠠᠬᠤ ᠶᠢ ᠰᠠᠶᠢᠲᠤᠷ ᠨᠠᠶᠢᠳᠠᠪᠤᠷᠢᠵᠢᠭᠤᠯᠵᠤ᠂ ᠳᠠᠯᠳᠠᠭᠤᠷ ᠦᠨᠡᠯᠡᠬᠦ ᠵᠡᠷᠭᠡ ᠲᠣᠭᠲᠠᠴᠠ ᠶᠢᠨ ᠦᠷ᠎ᠡ ᠪᠦᠲᠦᠭᠡᠯ ᠢ ᠰᠠᠶᠢᠲᠤᠷ ᠬᠡᠷᠡᠭᠯᠡᠵᠦ᠂ | ᠦᠨᠡᠯᠡᠭᠰᠡᠨ ᠦᠷ᠎ᠡ ᠳ᠋ᠦᠩ ᠢ ᠺᠠᠳ᠋ᠷ ᠤᠨ ᠰᠤᠷᠲᠠᠯ ᠤᠨ ᠰᠢᠯᠢᠳᠡᠭ ᠢ ᠨᠢ ᠦᠨᠡᠯᠡᠨ ᠰᠢᠯᠭᠠᠷᠠᠭᠤᠯᠬᠤ ᠲᠠᠢ ᠬᠤᠯᠪᠣᠭᠳᠠᠭᠤᠯᠵᠤ᠂ ᠬᠤᠶᠢᠷᠭᠤ ᠬᠦᠮᠦᠰ ᠢ ᠵᠠᠬ᠎ᠠ ᠳᠡᠯᠭᠡᠭᠦᠷ | ᠦᠭᠡᠢ᠂ ᠪᠣᠳᠠᠲᠠᠶ ᠠᠵᠢᠯᠯᠠᠭᠰᠠᠳ ᠢ ᠲᠠᠪᠴᠠᠩ ᠲᠠᠢ ᠪᠣᠯᠭᠠᠵᠤ᠂ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷᠴᠤᠳ ᠢ ᠠᠵᠢᠯ ᠬᠢᠬᠦ ᠶᠢ ᠪᠤᠳᠤᠬᠤ᠂ ᠠᠵᠢᠯ ᠬᠢᠵᠦ | ᠴᠢᠳᠠᠬᠤ᠂ ᠠᠵᠢᠯ ᠢ ᠪᠦᠲᠦᠭᠡᠵᠦ ᠴᠢᠳᠠᠬᠤ ᠡᠭᠦᠷᠭᠡᠲᠦ ᠰᠡᠳᠬᠢᠯᠭᠡ ᠶᠢ ᠨᠢ ᠴᠢᠩᠭᠠᠳᠬᠠᠵᠤ᠂ ᠣᠳᠣᠬᠢᠴᠢᠯᠠᠭᠰᠠᠨ ᠬᠥᠯᠥᠨ ᠪᠤᠶᠢᠷ ᠤᠨ ᠪᠥᠲᠥᠭᠡᠨ | ᠪᠠᠶᠢᠭᠤᠯᠤᠯᠲᠠ ᠶᠢᠨ ᠳᠤᠮᠳᠠ ᠵᠣᠷᠢᠭᠲᠠᠶ ᠪᠠᠷ ᠬᠢᠵᠦ᠂ ᠵᠣᠷᠢᠭᠲᠠᠶ ᠪᠠᠷ ᠲᠤᠷᠰᠢᠵᠤ᠂ ᠵᠣᠷᠢᠭᠲᠠᠶ ᠪᠠᠷ ᠠᠵᠢᠯᠯᠠᠵᠤ᠂ ᠪᠠᠶᠢᠩᠭᠤ ᠪᠦᠲᠦᠮᠵᠢᠲᠡᠶ ᠳᠤᠮᠳᠠ ᠪᠣᠳᠠᠲᠠᠶ | ᠠᠵᠢᠯᠯᠠᠬᠤ ᠬᠠᠷᠢᠭᠤᠯᠲᠠ ᠶᠢᠨ ᠬᠠᠭᠤᠳᠠᠰᠤ ᠶᠢ ᠰᠠᠶᠢᠲᠤᠷ ᠪᠢᠴᠢᠭᠯᠡᠬᠦ ᠬᠡᠷᠡᠭᠲᠡᠶ ᠭᠡᠵᠡᠢ᠃ | |