ᠬᠥᠯᠥᠨ ᠪᠤᠶᠢᠷ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ 2025 ᠣᠨ ᠤ 4 ᠳ᠋ᠤᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/15
       4 ᠰᠠᠷ᠎ᠠ ᠶᠢᠨ 7 ᠤ ᠡᠳᠦᠷ᠂ ᠬᠥᠯᠥᠨ ᠪᠤᠶᠢᠷ ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ 2025 ᠣᠨ ᠤ ᠳᠥᠷᠪᠡᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠵᠢᠢ ᠶᠦᠩ ᠴᠢᠶᠠᠨ ᠬᠤᠷᠠᠯ ᠡᠷᠭᠢᠯᠡᠵᠦ ᠶᠠᠷᠢᠶ᠎ᠠ ᠲᠠᠯᠪᠢᠪᠠ᠃       ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ᠂ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶᠠᠨ ᠤ ᠬᠤᠯᠪᠣᠭᠳᠠᠯ ᠪᠦᠬᠦᠢ ᠬᠤᠷᠠᠯ ᠤᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠪᠠ᠃ ᠭᠤᠣᠯ ᠳᠤᠭᠤᠶᠢᠯᠠᠩ ᠤᠨ ᠪᠦᠷᠢᠯᠳᠦᠬᠦᠨ ᠨᠡᠷ ︽ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠣᠶᠢᠯᠠᠭᠠᠬᠤ︾ ᠲᠣᠭᠤᠷᠢᠨ ᠳᠤ ᠲᠤᠰᠬᠠᠢ ᠰᠡᠳᠦᠪ ᠢᠶᠠᠷ ᠰᠤᠳᠤᠯᠤᠨ ᠶᠠᠷᠢᠯᠴᠠᠪᠠ᠃       ᠬᠤᠷᠠᠯ ᠠᠴᠠ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠲᠠ ᠶᠢᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠡᠯ᠎ᠡ ᠪᠦᠷᠢᠯᠳᠦᠬᠦᠨ ᠳᠡᠭᠡᠳᠦ ᠱᠠᠲᠤ ᠨᠢ ᠳᠣᠤᠷᠠᠳᠤ ᠱᠠᠲᠤ ᠪᠠᠨ ᠳᠠᠭᠠᠭᠤᠯᠬᠤ ᠶᠢ ᠪᠠᠷᠢᠮᠲᠠᠯᠠᠵᠤ᠂ ᠲᠦᠷᠦᠭᠦᠯᠡᠨ ᠥᠯᠢᠭᠡᠷ ᠳᠠᠭᠤᠷᠢᠶᠠᠯ ᠪᠣᠯᠵᠣ᠂ ᠠᠵᠢᠯ ᠤᠨ ᠳᠤᠮᠳᠠᠬᠢ ᠵᠢᠵᠢᠭ ᠶᠠᠪᠤᠳᠠᠯ ᠠᠴᠠ ᠡᠬᠢᠯᠡᠨ ᠠᠳᠬᠤᠵᠤ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ ᠴᠠᠷᠠᠭᠠᠨ ᠳᠠᠬᠢ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ︽ᠤᠳᠠᠭᠠᠨ ᠪᠦᠳᠦᠭᠦᠯᠢᠭ ᠬᠡᠶᠢᠰᠪᠦᠷᠢ︾ ᠪᠠ ︽ᠬᠤᠶᠢᠷᠭᠤ︾ ᠵᠡᠷᠭᠡ ᠰᠤᠷᠲᠠᠯ ᠤᠨ ᠠᠷᠬᠠᠭ ᠬᠡᠮ ᠢ ᠡᠷᠡᠰ ᠠᠷᠢᠯᠭᠠᠬᠤ ᠬᠡᠷᠡᠭᠲᠡᠶ᠃ ᠨᠠᠮᠴᠢ ᠴᠢᠨᠠᠷ ᠨᠠᠮ ᠤᠨ ᠰᠤᠷᠲᠠᠯ ᠨᠠᠮ ᠤᠨ ᠰᠠᠬᠢᠯᠭ᠎ᠠ ᠪᠠᠲᠤ ᠶᠢ ᠵᠡᠷᠭᠡ ᠪᠠᠷ ᠠᠳᠬᠤᠬᠤ ᠶᠢ ᠪᠠᠷᠢᠮᠲᠠᠯᠠᠵᠤ᠂ ᠪᠡᠯᠡ ᠮᠥᠩᠭᠦ ᠨᠢᠭᠲᠠ᠂ ᠡᠬᠢ ᠪᠠᠶᠠᠯᠢᠭ ᠡᠯᠪᠡᠭ ᠬᠦᠷᠢᠶᠡᠨ ᠳᠠᠬᠢ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠰᠤᠷᠲᠠᠯ ᠢᠯᠵᠢᠷᠡᠯ ᠢ ᠬᠠᠮᠲᠤ ᠪᠠᠷ ᠪᠠᠶᠢᠴᠠᠭᠠᠵᠤ ᠵᠡᠷᠭᠡ ᠪᠠᠷ ᠵᠠᠰᠠᠬᠤ ᠶᠢ ᠭᠦᠨᠵᠡᠭᠡᠢ ᠠᠬᠢᠭᠤᠯᠵᠤ᠂ ︽ᠢᠯᠠᠭ᠎ᠠ ᠶᠢᠨ ᠱᠠᠮᠰᠢᠭᠴᠢ ᠰᠢᠷᠭᠤᠯᠵᠢ ᠶᠢᠨ ᠢᠯᠵᠢᠷᠡᠯ︾ ᠢ ᠦᠷᠭᠦᠯᠵᠢᠯᠡᠨ ᠬᠦᠴᠦᠯᠡᠨ ᠵᠠᠯᠬᠠᠭᠠᠨ ᠰᠢᠳᠬᠡᠵᠦ᠂ ᠺᠠᠳ᠋ᠷ ᠤᠨ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ᠂ ᠲᠥᠪ ᠭᠤᠣᠯᠴᠢ ᠠᠷᠢᠭᠤᠨ ᠴᠢᠬᠡᠴᠢ ᠪᠠᠶᠢᠬᠤ ᠤᠷᠢᠲᠠᠯ ᠳᠣᠣᠷ᠎ᠠ ᠵᠣᠷᠢᠭᠲᠠᠢ ᠪᠠᠷ ᠠᠵᠢᠯ ᠬᠢᠬᠦ ᠶᠢ ᠠᠬᠢᠭᠤᠯᠬᠤ ᠬᠡᠷᠡᠭᠲᠡᠢ᠃ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠬᠦ᠂ ᠦᠨᠡᠨ ᠬᠦ ᠠᠳᠬᠤᠨ ᠪᠣᠳᠠᠲᠠᠢ ᠠᠵᠢᠯᠯᠠᠵᠤ ᠰᠢᠯᠢᠳᠡᠭ ᠰᠤᠷᠲᠠᠯ ᠢ ᠪᠠᠳᠠᠷᠠᠭᠤᠯᠵᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠰᠠᠨᠠᠭᠠᠴᠢᠯᠠᠭ᠎ᠠ ᠠᠴᠠ ᠪᠠᠨ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠪᠣᠳᠠᠲᠠᠢ ᠶᠢ ᠡᠷᠬᠢᠮᠯᠡᠬᠦ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ ᠳᠡᠭᠡᠷ᠎ᠡ ᠬᠦᠴᠦ ᠲᠠᠯᠪᠢᠵᠤ᠂ ᠪᠣᠳᠠᠲᠤ ᠠᠵᠢᠯᠯᠠᠭ᠎ᠠ ᠪᠠᠷ ᠢᠶᠠᠨ ᠰᠤᠷᠤᠯᠴᠠᠯᠭ᠎ᠠ ᠬᠥᠮᠦᠵᠢᠯ ᠤᠨ ᠴᠢᠨᠠᠷ ᠰᠠᠶᠢᠲᠠᠢ ᠥᠨᠳᠥᠷ ᠪᠦᠲᠦᠮᠵᠢᠲᠡᠢ ᠥᠷᠨᠢᠬᠦ᠂ ᠵᠢᠱᠢᠭᠰᠡᠨ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ  ᠭᠡᠵᠦ ᠴᠢᠬᠤᠯᠠᠴᠢᠯᠠᠪᠠ᠃    
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ