ᠬᠥᠯᠥᠨ ᠪᠤᠶᠢᠷ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ 2025 ᠣᠨ ᠤ 6 ᠳ᠋ᠤᠭᠠᠷ ᠤᠳᠠᠭᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/15
       4 ᠰᠠᠷ᠎ᠠ ᠶᠢᠨ 14 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠵᠢᠢ ᠶᠦᠩ ᠴᠢᠶᠠᠨ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2025 ᠣᠨ ᠤ 6 ᠳ᠋ᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ᠲᠥᠪ ᠤᠨ ᠬᠦᠷᠰᠢ ᠵᠡᠷᠭᠡᠯᠡᠳᠡᠭᠡ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃       ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠣᠯᠤᠨ ᠲᠥᠪ ᠤᠨ ᠬᠦᠷᠰᠢ ᠵᠡᠷᠭᠡᠯᠡᠳᠡᠭᠡ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠬᠦᠷᠰᠢ ᠵᠡᠷᠬᠡᠯᠡᠳᠡᠭᠡ ᠶᠢᠨ ᠠᠵᠢᠯ ᠢ ᠰᠠᠶᠢᠲᠤᠷ ᠬᠢᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ ᠬᠤᠶᠢᠰᠢᠳᠠ ᠶᠢᠨ ᠨᠢᠭᠡ ᠬᠤᠭᠤᠴᠠᠭᠠᠨ ᠤ ᠬᠦᠷᠰᠢ ᠵᠡᠷᠭᠡᠯᠡᠳᠡᠭᠡ ᠶᠢᠨ ᠠᠵᠢᠯ ᠤᠨ ᠬᠠᠷᠠᠯᠲᠠ ᠡᠭᠦᠷᠭᠡ ᠪᠣᠯᠤᠨ ᠰᠡᠳᠬᠢᠮᠵᠢ ᠠᠷᠭ᠎ᠠ ᠬᠡᠮᠵᠢᠶ᠎ᠡ ᠶᠢ ᠪᠠᠲᠤ ᠡᠵᠡᠮᠳᠡᠵᠦ᠂ ᠤᠯᠤᠰ ᠤᠨ ᠭᠠᠳᠠᠭᠠᠳᠤ ᠬᠠᠷᠢᠯᠴᠠᠭᠠᠨ ᠤ ᠶᠡᠭᠡ ᠲᠠᠯ᠎ᠠ ᠳᠤ ᠦᠢᠯᠡᠴᠢᠯᠡᠬᠦ ᠶᠢ ᠡᠷᠡᠰ ᠲᠠᠭᠠᠵᠤ᠂ ᠬᠦᠷᠰᠢ ᠵᠡᠷᠭᠡᠯᠡᠳᠡᠭᠡ ᠶᠢᠨ ᠠᠵᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠪᠠᠲᠤᠲᠠᠢ ᠰᠠᠶᠢᠲᠤᠷ ᠠᠳᠬᠤᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠤᠭᠲᠠᠭᠠᠭᠰᠠᠨ︾ ᠢ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠢ᠃ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠣᠷᠣᠰ᠂ ᠮᠣᠩᠭᠤᠯ ᠤᠨ ᠬᠥᠷᠰᠢ ᠵᠡᠷᠭᠡᠯᠡᠳᠡᠭᠡ ᠭᠠᠵᠠᠷ ᠣᠷᠣᠨ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢᠨ ᠥᠷᠭᠡᠴᠡ ᠭᠦᠨᠴᠡ ᠶᠢ ᠤᠯᠠᠮ ᠨᠢᠭᠡ ᠠᠯᠬᠤᠮ ᠥᠷᠭᠡᠳᠬᠡᠵᠦ᠂ ᠠᠷᠠᠯᠵᠢᠶ᠎ᠠ᠂ ᠪᠠᠯᠠ ᠣᠷᠣᠭᠤᠯᠤᠯᠲᠠ᠂ ᠨᠡᠪᠲᠡᠷᠡᠬᠦ ᠵᠠᠮ᠂ ᠲᠠᠪᠴᠠᠩ ᠤᠨ ᠪᠥᠲᠥᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠲᠦᠷᠭᠡᠳᠬᠡᠨ ᠪᠠᠶᠢᠭᠤᠯᠬᠤ ᠬᠡᠷᠡᠭᠲᠡᠶ᠃ ᠬᠦᠷᠰᠢ ᠵᠡᠷᠭᠡᠯᠡᠳᠡᠭᠡ ᠭᠠᠵᠠᠷ ᠣᠷᠣᠨ ᠯᠤᠭ᠎ᠠ ᠶᠢᠨ ᠠᠮᠤᠷ ᠲᠦᠪᠰᠢᠨ ᠪᠠ ᠬᠠᠤᠯᠢ ᠬᠡᠷᠡᠭᠵᠢᠭᠦᠯᠬᠦ ᠬᠦᠷᠢᠶ᠎ᠡ ᠴᠠᠷᠠᠭᠠᠨ ᠳᠠᠬᠢ ᠬᠠᠮᠲᠤᠷᠠᠯᠴᠠᠭ᠎ᠠ ᠪᠠᠨ ᠴᠢᠩᠭᠠᠳᠬᠠᠵᠤ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ᠂ ᠬᠠᠮᠵᠢᠯᠴᠠᠨ ᠠᠷᠭᠠᠴᠠᠭᠠᠬᠤ ᠪᠠᠴᠢᠮ ᠪᠠᠶᠢᠳᠠᠯ ᠢ ᠠᠷᠭᠠᠴᠠᠭᠠᠬᠤ ᠬᠠᠮᠲᠤᠷᠠᠨ ᠬᠥᠳᠡᠯᠦᠯᠴᠡᠬᠦ ᠰᠢᠰᠲ᠋ᠧᠮ ᠢ ᠲᠠᠰᠤᠷᠠᠯᠳᠠ ᠦᠭᠡᠢ ᠲᠡᠭᠦᠯᠳᠡᠷᠵᠢᠭᠦᠯᠵᠦ᠂ ᠣᠷᠣᠨ ᠪᠦᠰᠡ ᠶᠢᠨ ᠠᠶᠤᠯ ᠲᠦᠭᠰᠢᠭᠦᠷᠢ ᠶᠢ ᠠᠷᠭᠠᠴᠠᠭᠠᠬᠤ ᠴᠢᠳᠠᠪᠤᠷᠢ ᠶᠢ ᠳᠡᠭᠡᠭᠰᠢᠯᠡᠭᠦᠯᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠠᠮᠤᠷ ᠲᠦᠪᠰᠢᠨ ᠲᠣᠭᠲᠠᠭᠤᠨ ᠣᠷᠴᠢᠨ ᠲᠣᠭᠤᠷᠢᠨ ᠢ ᠡᠭᠦᠳᠴᠦ ᠥᠭᠬᠦ ᠬᠡᠷᠡᠭᠲᠡᠢ ᠭᠡᠵᠦ ᠴᠢᠬᠤᠯᠠᠴᠢᠯᠠᠪᠠ᠃       ᠬᠤᠷᠠᠯ ᠠᠴᠠ ᠪᠠᠰᠠ ᠬᠤᠲᠠ ᠶᠢᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠠᠵᠢᠯ ᠤᠨ ᠬᠤᠪᠢᠶᠠᠷᠢᠯᠠᠯ ᠳᠤ ᠲᠣᠬᠢᠷᠠᠭᠤᠯᠤᠯᠲᠠ ᠬᠢᠬᠦ ᠶᠠᠪᠤᠳᠠᠯ ᠢ ᠰᠤᠳᠤᠯᠤᠨ ᠬᠢᠨᠠᠨ ᠵᠥᠪᠯᠡᠪᠡ᠃    
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ