ᠵᠠᠯᠠᠭᠤᠴᠤᠳ ᠤᠨ ᠬᠦᠴᠦᠨ ᠨᠢ ᠤᠬᠠᠭᠤᠯᠤᠨ ᠲᠠᠶᠢᠯᠪᠤᠷᠢᠯᠠᠯᠲᠠ ᠶᠢ ᠨᠡᠩ ᠠᠮᠢᠳᠤᠯᠢᠭ ᠪᠤᠯᠭᠠᠵᠦ ᠴᠢᠳᠠᠨ᠎ᠠ
ᠨᠡᠶᠢᠲᠡᠯᠡᠭᠰᠡᠨ ᠴᠠᠭ᠄
2025/4/15
       ︽ᠤᠮᠠᠷᠠᠲᠤ ᠬᠢᠯᠢ ᠶᠢᠨ ᠵᠠᠯᠠᠭᠤᠴᠤᠳ ᠤᠨ ᠤᠬᠠᠭᠤᠯᠤᠨ ᠲᠠᠶᠢᠯᠪᠤᠷᠢᠯᠠᠬᠤ ᠪᠦᠯᠭᠦᠮ︾ ᠨᠢ ᠰᠢᠨ᠎ᠡ ᠴᠠᠭ ᠦᠶ᠎ᠡ ᠶᠢᠨ ᠤᠨᠤᠯ ᠢᠶᠠᠷ ᠵᠡᠪᠰᠡᠭᠯᠡᠭᠰᠡᠨ ︽ᠬᠤᠪᠢᠰᠬᠠᠯᠲᠤ ᠬᠥᠩᠭᠡᠨ ᠮᠣᠷᠢᠲᠤ ᠴᠡᠷᠢᠭ︾ᠪᠣᠯᠤᠭᠰᠠᠨ ᠤ ᠬᠤᠪᠢ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠤᠯᠭᠠᠵᠦ᠂ ᠬᠢᠯᠢ ᠬᠢᠵᠠᠭᠠᠷ ᠤᠨ ᠦᠵᠡᠯ ᠤᠬᠠᠮᠰᠠᠷ ᠤᠨ ᠭᠡᠯᠪᠡᠷᠢ ᠶᠢᠨ ᠪᠠᠶᠢᠭᠤᠯᠤᠯᠲᠠ ᠶᠢᠨ ᠬᠦᠷᠢᠶ᠎ᠡ ᠴᠠᠷᠠᠭᠠᠨ ᠳᠤ ᠥᠪᠡᠷᠮᠢᠴᠡ ᠣᠨᠴᠠᠯᠢᠭ ᠪᠦᠬᠦᠢ ᠤᠨᠤᠯ ᠤᠨ ᠤᠬᠠᠭᠤᠯᠤᠨ ᠲᠠᠶᠢᠯᠪᠤᠷᠢᠯᠠᠬᠤ ᠬᠡᠪ ᠵᠠᠭᠪᠤᠷ ᠢ ᠪᠦᠷᠢᠯᠳᠦᠭᠦᠯᠵᠡᠢ᠃ ᠡᠨᠡ ᠬᠦ ᠰᠢᠯᠢᠳᠡᠭ ᠵᠠᠯᠠᠭᠤᠴᠤᠳ ᠢᠶᠠᠷ ᠪᠦᠷᠢᠯᠳᠦᠭᠰᠡᠨ ︽ᠬᠤᠪᠢᠰᠬᠠᠯᠲᠤ ᠬᠥᠩᠭᠡᠨ ᠮᠣᠷᠢᠲᠤ ᠴᠡᠷᠢᠭ︾ ᠨᠢ ᠵᠠᠯᠠᠭᠤᠴᠤᠳ ᠤᠨ ᠦᠭᠡ ᠶᠠᠷᠢᠶ᠎ᠠ ᠪᠠᠷ ᠨᠠᠮ ᠵᠠᠰᠠᠭ ᠬᠢᠭᠡᠳ ᠤᠯᠠᠨ ᠲᠦᠮᠡᠨ ᠢ ᠬᠤᠯᠪᠣᠵᠤ᠂ ᠡᠬᠡ ᠤᠯᠤᠰ ᠤᠨ ᠤᠮᠠᠷᠠᠲᠤ ᠬᠢᠯᠢ ᠳᠤ ᠪᠠᠲᠤ ᠪᠠᠬᠢ ᠦᠵᠡᠯ ᠰᠠᠨᠠᠭᠠᠨ ᠤ ᠪᠠᠬᠢᠯᠡᠯᠲᠡ ᠶᠢ ᠴᠣᠭᠴᠠᠯᠠᠨ᠂ ᠰᠢᠨ᠎ᠡ ᠴᠠᠭ ᠦᠶ᠎ᠡ ᠶᠢᠨ ᠤᠨᠤᠯ ᠤᠨ ᠤᠬᠠᠭᠤᠯᠤᠨ ᠲᠠᠶᠢᠯᠪᠤᠷᠢᠯᠠᠬᠤ ᠠᠵᠢᠯ ᠤᠨ ᠥᠷᠨᠢᠭᠦᠨ ᠪᠠᠳᠠᠷᠠᠩᠭᠤᠢ ᠠᠮᠢᠵᠢᠷᠠᠯ ᠤᠨ ᠬᠦᠴᠦᠨ ᠢ ᠢᠯᠡᠷᠡᠭᠦᠯᠪᠡ᠃       ᠤᠬᠠᠭᠤᠯᠤᠨ ᠲᠠᠶᠢᠯᠪᠤᠷᠢᠯᠠᠬᠤ ᠬᠡᠪ ᠵᠠᠭᠪᠤᠷ ᠤᠨ ᠰᠢᠨ᠎ᠡ ᠶᠢ ᠡᠭᠦᠳᠬᠦ ᠨᠢ ᠤᠨᠤᠯ ᠤᠨ ᠳᠠᠮᠵᠢᠭᠤᠯᠭ᠎ᠠ ᠶᠢ ᠨᠡᠩ ᠠᠮᠢᠵᠢᠷᠠᠯ ᠤᠨ ᠬᠦᠴᠦᠨ ᠲᠠᠢ ᠪᠤᠯᠭᠠᠵᠦ ᠴᠢᠳᠠᠨ᠎ᠠ᠃ ᠤᠮᠠᠷᠠᠲᠤ ᠬᠢᠯᠢ ᠶᠢᠨ ᠵᠠᠯᠠᠭᠤᠴᠤᠳ ᠤᠨ ᠤᠬᠠᠭᠤᠯᠤᠨ ᠲᠠᠶᠢᠯᠪᠤᠷᠢᠯᠠᠬᠤ ᠪᠦᠯᠭᠦᠮ ᠨᠢ ᠤᠯᠠᠮᠵᠢᠯᠠᠯᠲᠤ ᠤᠬᠠᠭᠤᠯᠤᠨ ᠲᠠᠶᠢᠯᠪᠤᠷᠢᠯᠠᠬᠤ ᠭᠡᠯᠪᠡᠷᠢ ᠶᠢᠨ ᠴᠠᠭ ᠤᠨ ᠵᠠᠭᠠᠭ ᠬᠢᠵᠠᠭᠠᠷ ᠢ ᠳᠠᠪᠠᠵᠤ᠂ ︽ᠮᠣᠷᠢᠨ ᠨᠢᠷᠤᠭᠤᠨ ᠳᠡᠭᠡᠷᠡᠬᠢ ᠬᠢᠴᠢᠶᠡᠯ ᠤᠨ ᠲᠠᠩᠬᠢᠮ︾᠂ ︽ᠡᠭᠦᠯᠡᠨ ᠲᠠᠪᠴᠠᠩ ᠤᠨ ᠬᠢᠴᠢᠶᠡᠯ ᠤᠨ ᠲᠠᠩᠬᠢᠮ︾ ᠵᠡᠷᠭᠡ ᠶᠢ ᠪᠠᠶᠢᠭᠤᠯᠤᠨ᠂ ᠨᠠᠮ ᠤᠨ ᠰᠢᠨ᠎ᠡ ᠡᠭᠦᠳᠦᠯᠲᠡ ᠶᠢᠨ ᠣᠨᠣᠯ ᠢ ᠮᠠᠯᠴᠢᠨ ᠲᠠᠷᠢᠶᠠᠴᠢᠳ ᠤᠨ ᠭᠢᠯᠪᠠᠷᠬᠠᠨ ᠰᠣᠨᠣᠰᠴᠤ ᠣᠶᠢᠯᠠᠭᠠᠵᠤ ᠳᠡᠶᠢᠯᠭᠦ ᠭᠡᠯᠪᠡᠷᠢ ᠪᠣᠯᠭᠠᠨ ᠬᠤᠪᠢᠷᠠᠭᠤᠯᠪᠠ᠃ ᠲᠡᠳᠡᠨ ᠤ ᠵᠣᠬᠢᠶᠠᠨ ᠪᠦᠲᠦᠭᠡᠭᠰᠡᠨ︽ᠭᠤᠷᠪᠠᠨ ᠮᠢᠩᠭᠠᠨ ᠥᠨᠥᠴᠢᠨ ᠬᠡᠦᠬᠡᠳ ᠢ ᠥᠪᠥᠷ ᠮᠣᠩᠭᠤᠯ ᠳᠤ ᠦᠷᠡᠴᠢᠯᠡᠨ ᠲᠡᠵᠢᠭᠡᠭᠰᠡᠨ︾ ᠭᠡᠬᠦ ᠦᠵᠡᠭᠳᠡᠯᠲᠦ ᠵᠦᠴᠦᠭᠡ ᠨᠢ ᠦᠨᠳᠦᠰᠦᠲᠡᠨ ᠤ ᠪᠦᠯᠬᠦᠮᠳᠡᠯ ᠤᠨ ᠠᠤᠭ᠎ᠠ ᠶᠡᠭᠡ ᠬᠦᠦᠷᠨᠢᠯ ᠢ ᠠᠮᠢᠳᠤᠯᠢᠭ ᠥᠯᠢᠭᠡᠷ ᠪᠣᠯᠭᠠᠨ ᠬᠤᠪᠢᠷᠠᠭᠤᠯᠵᠤ᠂ ᠦᠵᠡᠭᠴᠢᠳ ᠲᠤ ︽ᠳᠤᠮᠳᠠᠳᠤ ᠶᠢᠨ ᠦᠨᠳᠦᠰᠦᠲᠡᠨ ᠨᠢᠭᠡ ᠭᠡᠷ ᠮᠡᠲᠦ ᠳᠣᠲᠣᠨᠣ︾ᠪᠠᠶᠢᠬᠤ ᠶᠢᠨ ᠭᠦᠨ ᠭᠦᠨᠵᠡᠭᠡᠢ ᠠᠭᠤᠯᠤᠭᠳᠠᠬᠤᠨ ᠢ ᠣᠶᠢᠯᠠᠭᠠᠭᠤᠯᠵᠤ᠂ ᠤᠨᠤᠯ ᠤᠨ ᠦᠭᠡ ᠶᠠᠷᠢᠶ᠎ᠠ ᠶᠢ ᠠᠮᠢᠳᠤᠷᠠᠯ ᠤᠨ ᠦᠭᠡ ᠶᠠᠷᠢᠶ᠎ᠠ ᠪᠤᠯᠭᠠᠬᠤ ᠪᠦᠲᠦᠭᠡᠯᠴᠢ ᠴᠢᠨᠠᠷᠲᠠᠢ ᠦᠢᠯᠡᠳᠦᠯᠭᠡ ᠶᠢ ᠰᠦᠪᠡᠭᠴᠢᠯᠡᠵᠦ ᠭᠠᠷᠭᠠᠪᠠ᠃     ᠦᠨᠳᠦᠰᠦᠨ ᠱᠠᠲᠤᠨ ᠳᠤ ᠭᠦᠨᠵᠡᠭᠡᠶᠢᠷᠡᠬᠦ ᠨᠢ ᠦᠵᠡᠯ ᠰᠠᠨᠠᠭᠠᠨ ᠤ ᠵᠢᠯᠣᠭᠤᠳᠤᠮᠵᠢ ᠶᠢ ᠦᠢᠯᠡᠳᠦᠯᠭᠡ ᠳᠤ ᠨᠡᠩ ᠣᠶᠢᠷᠠᠲᠤᠭᠤᠯᠵᠤ ᠴᠢᠳᠠᠨ᠎ᠠ᠃ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠲᠠᠯ᠎ᠠ ᠨᠤᠲᠤᠭ ᠤᠨ ᠭᠦᠨ ᠳᠠᠬᠢ ᠮᠠᠯᠴᠢᠳ ᠤᠨ ᠰᠠᠭᠤᠷᠢᠰᠢᠯ ᠤᠨ ᠭᠠᠵᠠᠷ ᠲᠤ᠂ ᠵᠠᠯᠠᠭᠤ ᠤᠬᠠᠭᠤᠯᠤᠨ ᠲᠠᠶᠢᠯᠪᠤᠷᠢᠯᠠᠭᠴᠢ ︽ᠬᠤᠣᠰ ᠬᠡᠯᠡᠨ ᠤ ᠤᠬᠠᠭᠤᠯᠤᠨ ᠲᠠᠶᠢᠯᠪᠤᠷᠢᠯᠠᠬᠤ ᠭᠠᠷ ᠳᠡᠪᠲᠡᠷ︾ ᠢ ᠠᠪᠴᠤ ᠡᠷᠦᠭᠡ ᠳᠤ ᠣᠷᠣᠵᠤ᠂ ᠮᠣᠩᠭᠤᠯ ᠬᠢᠲᠠᠳ ᠬᠤᠣᠰ ᠭᠡᠯᠡ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠭᠢᠪᠠ; ᠮᠠᠨᠵᠤᠤᠷ ᠪᠣᠭᠤᠮᠲᠠ ᠳᠤ᠂ ᠲᠠᠳᠠ ᠬᠢᠯᠢ ᠶᠢᠨ ᠠᠷᠠᠯᠵᠢᠶᠠᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ︽ᠨᠢᠭᠡ ᠪᠦᠰᠡ ᠨᠢᠭᠡ ᠵᠠᠮ︾ ᠤᠨ ᠪᠦᠲᠦᠭᠡᠨ ᠪᠠᠶᠢᠭᠤᠯᠤᠯᠲᠠ ᠶᠢᠨ ᠠᠵᠠ ᠲᠣᠭᠢᠶᠠᠯ ᠢ ᠲᠠᠶᠢᠯᠪᠤᠷᠢᠯᠠᠨ᠎ᠠ᠃ ᠡᠶᠢᠮᠦᠷᠬᠦᠦ ᠨᠠᠷᠢᠯᠢᠭ ᠣᠨᠣᠴᠠᠲᠠᠢ ᠤᠬᠠᠭᠤᠯᠤᠨ ᠲᠠᠶᠢᠯᠪᠤᠷᠢᠯᠠᠬᠤ ᠬᠡᠪ ᠵᠠᠭᠪᠤᠷ ᠨᠢ ᠨᠠᠮ ᠤᠨ ᠲᠥᠷᠥ ᠶᠢᠨ ᠪᠣᠳᠣᠯᠭ᠎ᠠ ᠶᠢ ᠣᠯᠠᠨ ᠲᠦᠮᠡᠨ ᠤ ᠠᠩᠬᠠᠷᠤᠯ ᠬᠠᠯᠠᠮᠵᠢᠯᠠᠯ ᠲᠠᠢ ᠠᠶᠢᠵᠠᠮ ᠴᠣᠬᠢᠯᠭ᠎ᠠ ᠨᠢᠭᠡᠲᠡᠢ ᠪᠣᠯᠭᠠᠵᠠᠢ᠃ ︽ᠤᠬᠠᠭᠤᠯᠤᠨ ᠲᠠᠶᠢᠯᠪᠤᠷᠢᠯᠠᠬᠤ ᠨᠠᠷᠢᠨ ᠲᠠᠩᠰᠠ︾ ᠪᠠ ︽ᠦᠷ᠎ᠡ ᠪᠦᠲᠦᠮᠵᠢ ᠶᠢ ᠬᠠᠷᠢᠭᠤ ᠲᠤᠰᠬᠠᠬᠤ ᠲᠣᠭᠲᠠᠴᠠ︾ ᠶᠢ ᠪᠠᠶᠢᠭᠤᠯᠬᠤ ᠪᠠᠷ ᠳᠠᠮᠵᠢᠭᠤᠯᠤᠨ᠂ ᠲᠠᠩ ᠴᠢᠭᠯᠡᠯ ᠢᠶᠠᠷ ᠤᠯᠠᠮᠵᠢᠯᠠᠬᠤ ᠠᠴᠠ ᠬᠤᠣᠰ ᠴᠢᠭᠯᠡᠯ ᠢᠶᠠᠷ ᠬᠥᠳᠡᠯᠦᠯᠴᠡᠬᠦ ᠰᠠᠶᠢᠨ ᠣᠷᠴᠢᠯ ᠢ ᠪᠤᠶ ᠪᠤᠯᠭᠠᠵᠤ᠂ ᠣᠨᠣᠯ ᠤᠨ ᠤᠬᠠᠭᠤᠯᠤᠨ ᠲᠠᠶᠢᠯᠪᠤᠷᠢᠯᠠᠯᠲᠠ ᠶᠢ ᠦᠨᠡᠨ ᠬᠦ ᠰᠡᠵᠢᠭ ᠲᠥᠭᠡᠷᠢᠭᠳᠡᠯ ᠢ ᠠᠯᠳᠠᠷᠠᠭᠠᠬᠤ ︽ᠦᠵᠡᠯ ᠰᠠᠨᠠᠭᠠᠨ ᠤ ᠲᠦᠯᠬᠢᠭᠦᠷ︾ ᠪᠣᠯᠭᠠᠵᠠᠢ᠃       ᠳᠠᠮᠵᠢᠭᠤᠯᠭ᠎ᠠ ᠶᠢᠨ ᠵᠢᠭᠰᠠᠭᠠᠯ ᠢ ᠪᠠᠶᠢᠭᠤᠯᠬᠤ ᠨᠢ ᠭᠤᠣᠯ ᠤᠷᠤᠰᠬᠠᠯ ᠤᠨ ᠳᠠᠭᠤᠨ ᠢ ᠨᠠᠩ ᠬᠦᠴᠦᠲᠡᠢ ᠳᠠᠮᠵᠢᠭᠤᠯᠤᠨ᠎ᠠ᠃ ᠵᠠᠯᠠᠭᠤᠴᠤᠳ ᠤᠨ ᠤᠬᠠᠭᠤᠯᠤᠨ ᠲᠠᠶᠢᠯᠪᠤᠷᠢᠯᠠᠬᠤ ᠪᠦᠯᠭᠦᠮ ︽ᠰᠦᠯᠵᠢᠶᠡᠨ ᠳᠡᠭᠡᠷ᠎ᠡ + ᠪᠣᠳᠠᠲᠤ ᠴᠣᠭᠴᠠ︾ ᠶᠢᠨ ᠪᠣᠰᠤᠭ᠎ᠠ ᠴᠣᠭᠴᠠᠲᠤ ᠳᠠᠮᠵᠢᠭᠤᠯᠭ᠎ᠠ ᠶᠢᠨ ᠲᠣᠣᠷ ᠢ ᠡᠭᠦᠰᠬᠡᠨ ᠪᠠᠶᠢᠭᠤᠯᠵᠤ᠂ ᠴᠤᠤᠷᠢᠶ᠎ᠠ ᠶᠢᠨ ᠲᠠᠪᠴᠠᠩ ᠤᠨ︽ᠤᠮᠠᠷᠠᠲᠤ ᠬᠢᠯᠢ ᠶᠢᠨ ᠵᠠᠯᠠᠭᠤᠴᠤᠳ ᠤᠨ ᠥᠭᠦᠯᠡᠬᠦᠢ︾ ᠲᠤᠰᠬᠠᠢ ᠪᠤᠯᠤᠩ ᠤᠨ ᠨᠡᠶᠢᠲᠡ ᠨᠡᠪᠲᠡᠷᠡᠭᠦᠯᠦᠭᠰᠡᠨ ᠬᠡᠮᠵᠢᠶ᠎ᠡ 2 ᠳ᠋ᠦᠩᠰᠢᠭᠤᠷ ᠤᠳᠠᠭ᠎ᠠ ᠶᠢ ᠳᠠᠪᠠᠵᠤ᠂ ᠣᠬᠤᠷ ᠸᠢᠳᠢᠤ᠋ ︽ᠣᠨᠣᠯ ᠤᠨ ᠠᠪᠢᠶᠠᠰᠯᠢᠭ  ᠤᠷᠠᠨ ᠢᠯᠡᠳᠬᠡᠯ︾ ᠨᠢ ᠭᠦᠨ ᠭᠦᠨᠵᠡᠭᠡᠢ ᠣᠨᠣᠯ ᠢ ᠰᠦᠯᠵᠢᠶᠡᠨ ᠤ ᠬᠠᠯᠠᠮᠰᠢᠯ ᠦᠭᠡ ᠪᠣᠯᠭᠠᠨ ᠬᠤᠪᠢᠷᠠᠭᠤᠯᠪᠠ᠃ ᠲᠠᠳᠠ ᠪᠠᠰᠠ ᠬᠢᠯᠢ ᠶᠢᠨ ᠲᠣᠮᠢᠯᠠᠭᠰᠠᠨ ᠰᠠᠯᠪᠤᠷᠢ ᠲᠠᠢ ᠬᠠᠮᠲᠤ ᠪᠠᠷ ︽ᠤᠯᠤᠰ ᠤᠨ ᠡᠭᠦᠳᠡᠨ ᠳᠡᠭᠡᠷᠡᠬᠢ ᠬᠢᠴᠢᠶᠡᠯ ᠤᠨ ᠲᠠᠩᠬᠢᠮ︾  ᠢ ᠪᠠᠶᠢᠭᠤᠯᠵᠤ᠂ ᠴᠡᠭᠡ ᠪᠣᠭᠤᠮᠲᠠ ᠳᠤ ︽ᠬᠢᠯᠢ ᠶᠢᠨ ᠳᠣᠲᠣᠨ᠎ᠠ ᠭᠠᠳᠠᠨᠠᠬᠢ ᠬᠤᠯᠪᠤᠭᠠᠯᠠᠨ ᠤᠬᠠᠭᠤᠯᠤᠨ ᠲᠠᠶᠢᠯᠪᠤᠷᠢᠯᠠᠬᠤ ᠴᠡᠭ︾ ᠢ ᠪᠠᠶᠢᠭᠤᠯᠵᠤ᠂ ᠨᠠᠮ ᠤᠨ ᠲᠠᠭᠤᠨ ᠢ ᠤᠮᠠᠷᠠᠲᠤ  ᠬᠢᠯᠢ ᠶᠢᠨ ᠡᠬᠡ ᠭᠠᠵᠠᠷ ᠲᠤ  ᠴᠤᠤᠷᠢᠶᠠᠲᠤᠭᠤᠯᠤᠭᠰᠠᠨ ᠪᠠᠶᠢᠨ᠎ᠠ᠃       ᠰᠢᠨ᠎ᠡ ᠲᠡᠦᠬᠡ ᠶᠢᠨ ᠣᠷᠣᠨ ᠪᠠᠶᠢᠷᠢ ᠳᠤ ᠵᠣᠭᠰᠣᠵᠤ᠂ ︽ᠤᠮᠠᠷᠠᠲᠤ ᠬᠢᠯᠢ ᠶᠢᠨ ᠵᠠᠯᠠᠭᠤᠴᠤᠳ ᠤᠨ ᠤᠬᠠᠭᠤᠯᠤᠨ ᠲᠠᠶᠢᠯᠪᠤᠷᠢᠯᠠᠬᠤ ᠪᠦᠯᠭᠦᠮ︾ ᠨᠢ ᠶᠠᠭ︽ᠮᠣᠩᠭᠤᠯ ᠮᠣᠷᠢᠨ ᠤ ᠵᠣᠷᠢᠭ ᠰᠠᠨᠠᠭ᠎ᠠ︾ ᠪᠠᠷ ᠤᠨᠤᠯ ᠤᠨ ᠤᠬᠠᠭᠤᠯᠤᠨ ᠲᠠᠶᠢᠯᠪᠤᠷᠢᠯᠠᠬᠤ ᠰᠢᠨ᠎ᠡ ᠠᠶᠠᠨ ᠳᠠᠭᠠᠨ ᠭᠠᠪᠰᠢᠭᠠᠶᠢᠯᠠᠨ᠎ᠠ᠃ ᠲᠡᠳᠡ ᠵᠠᠯᠠᠭᠤ ᠨᠠᠰᠤᠨ ᠤ ᠤᠶᠤᠨ ᠤᠬᠠᠭᠠᠨ ᠢᠶᠠᠷ ᠢᠶᠠᠨ︽ᠡᠴᠦᠰ ᠤᠨ ᠨᠢᠭᠡ ᠺᠢᠯᠣᠮᠧᠲᠷ︾ ᠤᠨ ᠳᠠᠮᠵᠢᠭᠤᠯᠭ᠎ᠠ ᠶᠢᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠡᠬᠡ ᠤᠯᠤᠰ ᠤᠨ ᠤᠮᠠᠷᠠᠲᠤ ᠬᠢᠯᠢ ᠳᠤ ᠡᠪᠳᠡᠷᠡᠰᠢ ᠦᠭᠡᠢ ᠪᠠᠲᠤ ᠪᠠᠬᠢ ᠦᠵᠡᠯ ᠰᠠᠨᠠᠭᠠᠨ ᠤ ᠤᠷᠳᠤ ᠴᠠᠭᠠᠨ ᠬᠡᠷᠡᠮ ᠢ ᠴᠣᠭᠴᠠᠯᠠᠨ᠎ᠠ᠃
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ