︽ᠡᠶᠢᠮᠦᠷᠬᠦᠦ ᠭᠡᠯᠪᠡᠷᠢ ᠮᠠᠰᠢ ᠰᠠᠶᠢᠨ᠂ ᠲᠤᠰᠬᠠᠶᠢᠯᠠᠨ ᠲᠣᠮᠢᠯᠠᠭᠰᠠᠨ ᠰᠠᠯᠪᠤᠷᠢ ᠳᠤ ᠣᠴᠢᠵᠤ ᠯᠠᠪᠯᠠᠨ ᠠᠰᠠᠭᠤᠬᠤ ᠬᠡᠷᠡᠭ ᠦᠭᠡᠢ᠂ ᠬᠡᠵᠢᠶ᠎ᠡ ᠬᠠᠮᠢᠭ᠎ᠠ ᠴᠤ | ᠭᠡᠰᠡᠨ ᠮᠡᠬᠡᠯᠡᠯ ᠢ ᠡᠰᠡᠷᠭᠦᠴᠡᠬᠦ ᠮᠡᠳᠡᠯᠭᠡ ᠶᠢ ᠰᠤᠷᠴᠤ ᠲᠡᠶᠢᠯᠤᠨ᠎ᠠ᠃ ᠠᠭᠤᠯᠭ᠎ᠠ ᠨᠢ ᠪᠠᠶᠠᠯᠢᠭ ᠪᠥᠭᠡᠳ ᠰᠣᠨᠢᠷᠬᠠᠯᠲᠠᠢ᠂ ᠮᠠᠰᠢ ᠬᠡᠷᠡᠭᠴᠡᠭᠡ ᠲᠠᠢ︾᠃ ᠣᠶᠢᠷ᠎ᠠ ᠳᠤ᠂ | ᠭᠦᠭᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠰᠢᠨ᠎ᠡ ᠬᠤᠲᠠ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠳ᠋ᠢᠩ | ᠰᠢᠶᠠᠩ ᠳᠠᠬᠢ ᠲᠣᠮᠢᠯᠠᠭᠰᠠᠨ ᠰᠠᠯᠪᠤᠷᠢ︽ᠬᠤᠪᠢᠰᠬᠠᠯᠲᠤ ᠬᠤᠰᠢᠭᠤᠴᠢ ᠠᠩᠭᠢ︾ ᠵᠢᠷᠭᠢᠶ᠎ᠡ ᠶᠢᠨ ᠴᠤᠭᠯᠠᠷᠠᠯ ᠢᠶᠠᠨ ᠠᠰᠢᠭᠯᠠᠨ ︽ᠰᠦᠯᠵᠢᠶᠡᠨ ᠳᠡᠭᠡᠷᠡᠬᠢ ᠬᠢᠴᠢᠶᠡᠯ ᠤᠨ | ᠲᠠᠩᠬᠢᠮ︾ ᠡᠷᠭᠢᠯᠡᠵᠦ᠂ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠮᠠᠭᠲᠠᠭᠠᠯ ᠰᠠᠶᠢᠰᠢᠶᠠᠯ ᠢ ᠣᠯᠪᠠ᠃ | ᠲᠣᠰ ᠤᠳᠠᠭᠠᠨ ᠤ ︽ᠰᠦᠯᠵᠢᠶᠡᠨ ᠳᠡᠭᠡᠷᠡᠬᠢ ᠬᠢᠴᠢᠶᠡᠯ ᠤᠨ ᠲᠠᠩᠬᠢᠮ︾ ᠳᠤ᠂ ᠠᠷᠠᠳ ᠤᠨ ᠴᠠᠭᠳᠠᠭ᠎ᠠ ᠨᠠᠷᠢᠯᠢᠭ ᠰᠠᠶᠢᠬᠠᠨ ᠤᠬᠠᠭᠤᠯᠭ᠎ᠠ ᠶᠢᠨ ᠵᠠᠷ᠂ ᠣᠬᠤᠷ | ᠸᠢᠳᠢᠤ᠋ ᠵᠡᠷᠭᠡ ᠶᠢ ᠵᠣᠬᠢᠶᠠᠭᠰᠠᠨ ᠪᠥᠭᠡᠳ ᠥᠰᠥᠭ ᠪᠢᠴᠢᠭ ᠤᠨ ᠲᠣᠳᠣᠷᠬᠠᠶᠢᠯᠠᠯᠲᠠ ᠬᠢᠵᠦ᠂ ᠴᠠᠭᠢᠯᠭᠠᠨ ᠬᠤᠯᠪᠤᠭ᠎ᠠ ᠰᠦᠯᠵᠢᠶᠡᠨ ᠤ ᠮᠡᠬᠡᠯᠡᠯ ᠤᠨ ᠪᠠᠶᠢᠩᠭᠤ | ᠲᠣᠬᠢᠶᠠᠯᠳᠤᠬᠤ ᠠᠷᠭ᠎ᠠ ᠪᠠᠷᠢᠯ᠂ ᠰᠡᠷᠭᠡᠶᠢᠯᠡᠬᠦ ᠠᠷᠭ᠎ᠠ ᠬᠡᠮᠵᠢᠶ᠎ᠡ ᠵᠢᠴᠢ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠤᠷᠢᠨ ᠳᠤ ᠤᠬᠠᠭᠤᠯᠭ᠎ᠠ | ᠬᠢᠵᠦ᠂ ᠰᠠᠭᠤᠭᠠᠯᠢ ᠠᠷᠠᠳ ᠲᠤ ᠬᠡᠷᠡᠭᠯᠡᠭᠡᠨ ᠤ ᠰᠡᠷᠭᠡᠶᠢᠯᠡᠯᠲᠡ ᠶᠢᠨ ᠤᠷ᠎ᠠ ᠮᠡᠷᠭᠡᠵᠢᠯ ᠬᠠᠩᠭᠠᠭᠰᠠᠨ ᠤ ᠬᠠᠮᠲᠤ ᠪᠠᠰᠠ ᠰᠠᠭᠤᠭᠠᠯᠢ ᠠᠷᠠᠳ ᠪᠠ ᠳᠡᠯᠭᠡᠭᠦᠷ ᠫᠦᠰᠡ ᠶᠢᠨ | ᠡᠵᠡᠩᠨᠡᠭᠴᠢᠳ ᠤᠨ ᠮᠠᠳᠠᠭ ᠲᠠᠢ ᠠᠰᠠᠭᠤᠳᠠᠯ ᠢ ᠨᠢ ᠲᠠᠶᠢᠯᠪᠤᠷᠢᠯᠠᠵᠤ ᠥᠭᠴᠡᠢ᠃ | ᠡᠨᠡ ᠪᠣᠯ ᠳ᠋ᠢᠩ ᠰᠢᠶᠠᠩ ᠳᠠᠬᠢ ᠲᠣᠮᠢᠯᠠᠭᠰᠠᠨ ᠰᠠᠯᠪᠤᠷᠢ ᠶᠢᠨ ︽ᠰᠢᠨ᠎ᠡ ᠴᠠᠭ ᠦᠶ᠎ᠡ ᠶᠢᠨ ᠴᠠᠭᠳᠠᠭ᠎ᠠ ᠶᠢᠨ ᠹᠧᠩ ᠴᠢᠶᠤᠤ ᠶᠢᠨ ᠬᠡᠪ ᠨᠠᠮᠪᠠ︾ ᠭᠡᠬᠦ ᠨᠠᠮ ᠤᠨ | ᠪᠠᠶᠢᠭᠤᠯᠤᠯᠲᠠ ᠶᠢᠨ ᠲᠦᠷᠦᠯ ᠲᠡᠮᠳᠡᠭ ᠢ ᠢᠳᠡᠪᠬᠢᠲᠡᠢ ᠡᠭᠦᠳᠴᠦ᠂ ᠰᠢᠨ᠎ᠡ ᠴᠠᠭ ᠦᠶ᠎ᠡ ᠶᠢᠨ ᠳᠣᠲᠣᠭᠠᠳᠤ ᠶᠢ ᠬᠠᠮᠠᠭᠠᠯᠠᠬᠤ ᠡᠩᠨᠡᠭᠡ ᠶᠢᠨ ᠰᠢᠨ᠎ᠡ ᠳᠦᠷᠰᠦ | ᠪᠠᠶᠢᠳᠠᠯ ᠢ ᠢᠯᠡᠷᠡᠭᠦᠯᠵᠦ᠂ ᠦᠨᠳᠦᠰᠦᠨ ᠱᠠᠲᠤᠨ ᠤ ᠵᠠᠰᠠᠯᠲᠠ ᠶᠢᠨ ᠣᠳᠣᠬᠢᠴᠢᠯᠠᠯᠲᠠ ᠶᠢᠨ ᠲᠦᠪᠰᠢᠨ ᠢ ᠦᠨᠡᠨ ᠬᠦ ᠳᠡᠭᠡᠭᠰᠢᠯᠡᠭᠦᠯᠦᠭᠰᠡᠨ ᠪᠦᠲᠦᠮᠵᠢᠲᠡᠢ | ᠰᠦᠪᠡᠭᠴᠢᠯᠡᠯᠲᠡ ᠪᠣᠯᠣᠨ᠎ᠠ᠃ ᠣᠶᠢᠷ᠎ᠠ ᠶᠢᠨ ᠵᠢᠯ ᠠᠴᠠ ᠨᠠᠭᠠᠰᠢ᠂ ᠳ᠋ᠢᠩ ᠰᠢᠶᠠᠩ ᠳᠠᠬᠢ ᠲᠣᠮᠢᠯᠠᠭᠰᠠᠨ ᠰᠠᠯᠪᠤᠷᠢ ᠨᠠᠮ ᠤᠨ ᠪᠠᠶᠢᠭᠤᠯᠤᠯᠲᠠ ᠪᠠᠷ ᠦᠨᠳᠦᠰᠦᠨ | ᠱᠠᠲᠤᠨ ᠤ ᠵᠠᠰᠠᠯᠲᠠ ᠶᠢᠨ ᠥᠭᠡᠷᠡᠴᠢᠯᠡᠯᠲᠡ ᠰᠢᠨᠡᠴᠢᠯᠡᠯᠲᠡ ᠶᠢ ᠬᠥᠲᠥᠯᠥᠨ ᠳᠠᠭᠠᠭᠤᠯᠬᠤ ᠶᠢ ᠬᠦᠴᠦᠯᠡᠨ ᠠᠬᠢᠭᠤᠯᠵᠤ᠂ ︽ᠬᠤᠪᠢᠰᠬᠠᠯᠲᠤ ᠬᠤᠰᠢᠭᠤᠴᠢ ᠠᠩᠭᠢ︾ ᠪᠠ | ︽ᠬᠠᠪᠰᠤᠷᠤᠨ ᠭᠦᠶᠦᠬᠦ ᠪᠠᠭ᠎ᠠ ᠠᠩᠭᠢ︾ ᠶᠢ ᠪᠠᠶᠢᠭᠤᠯᠵᠤ᠂ ᠬᠠᠷᠢᠶ᠎ᠠ ᠣᠷᠣᠨ ᠤ ᠡᠶ᠎ᠡ ᠵᠣᠬᠢᠴᠠᠩᠭᠤᠢ ᠲᠣᠭᠲᠠᠭᠤᠨ ᠢᠶᠠᠷ ᠬᠥᠭᠵᠢᠬᠦ ᠶᠢ ᠪᠦᠭᠦ ᠬᠦᠴᠦᠨ ᠢᠶᠠᠷ ᠢᠶᠠᠨ | ᠬᠠᠮᠠᠭᠠᠯᠠᠪᠠ᠃ | ︽ᠬᠤᠪᠢᠰᠬᠠᠯᠲᠤ ᠬᠤᠰᠢᠭᠤᠴᠢ ᠠᠩᠭᠢ︾ ᠨᠢ 5 ᠨᠠᠮ ᠤᠨ ᠭᠡᠰᠢᠭᠦᠨ ᠠᠷᠠᠳ ᠤᠨ ᠴᠠᠭᠳᠠᠭ᠎ᠠ ᠪᠠ 2 ᠨᠠᠮ ᠤᠨ ᠭᠡᠰᠢᠭᠦᠨ ᠲᠤᠰᠠᠯᠠᠬᠤ ᠴᠠᠭᠳᠠᠭ᠎ᠠ ᠪᠠᠷ | ᠪᠦᠷᠢᠯᠳᠦᠵᠦ᠂ ᠲᠡᠳᠡ ᠨᠠᠮ ᠤᠨ ᠡᠭᠦᠷ ᠤᠨ ᠳᠠᠶᠢᠴᠢᠨ ᠪᠠᠬᠢᠯᠡᠯᠲᠡ ᠪᠠ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠭᠦᠢᠴᠡᠳ ᠪᠠᠳᠠᠷᠠᠭᠤᠯᠵᠤ᠂ | ᠵᠢᠷᠭᠢᠶ᠎ᠡ ᠶᠢᠨ ᠴᠤᠭᠯᠠᠷᠠᠯ ᠳᠤ ᠲᠦᠰᠢᠭᠯᠡᠨ᠂ ︽ᠬᠤᠪᠢᠰᠬᠠᠯᠲᠤ ᠨᠠᠶᠢᠵᠠ ᠶᠢᠨ ᠲᠣᠭᠤᠷᠢᠭ︾ ᠢ ᠪᠠᠶᠢᠭᠤᠯᠵᠤ᠂ ᠮᠡᠬᠡᠯᠡᠯ ᠢ ᠡᠰᠡᠷᠭᠦᠴᠡᠬᠦ ᠮᠡᠳᠡᠯᠭᠡ᠂ ᠭᠠᠯ ᠰᠡᠷᠭᠡᠶᠢᠯᠡᠵᠦ | ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠵᠡᠷᠭᠡ ᠠᠭᠤᠯᠭ᠎ᠠ ᠶᠢᠨ ᠤᠬᠠᠭᠤᠯᠭ᠎ᠠ ᠶᠢ ᠥᠷᠨᠢᠭᠦᠯᠬᠦ ᠶᠢᠨ ᠬᠠᠮᠲᠤ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ | ᠴᠠᠭ ᠲᠤᠬᠠᠢ ᠳᠤᠨᠢ ᠡᠵᠡᠮᠰᠢᠨ ᠬᠠᠷᠢᠭᠤ ᠥᠭᠴᠦ᠂ ᠤᠯᠠᠨ ᠲᠦᠮᠡᠨ ᠤ ᠬᠦᠴᠢᠷ ᠵᠣᠪᠠᠭᠤᠷᠢ ᠶᠢ ᠰᠢᠢᠳᠪᠦᠷᠢᠯᠡᠵᠦ ᠥᠭᠴᠡᠢ; ︽ᠬᠤᠪᠢᠰᠬᠠᠯᠲᠤ ᠬᠤᠰᠢᠭᠤᠴᠢ ᠠᠩᠭᠢ︾ | ᠶᠢᠨ ᠭᠡᠰᠢᠭᠦᠳ ᠡᠷᠦᠭᠡ ᠳᠠᠷᠠᠭᠠᠯᠠᠨ ᠦᠢᠯᠡᠴᠢᠯᠡᠵᠦ᠂ ᠬᠠᠷᠢᠶ᠎ᠠ ᠣᠷᠣᠨ ᠤ ᠬᠤᠳᠠᠯᠳᠤᠭᠠᠨ ᠤ ᠫᠦᠰᠡ ᠶᠢ ᠬᠠᠪᠰᠤᠷᠤᠨ ᠡᠯᠧᠺᠲᠷᠣᠨ ᠬᠤᠶᠠᠷ ᠬᠡᠮᠵᠢᠯᠲᠦ ᠺᠣᠳ᠋ ᠤᠨ | ᠡᠭᠦᠳᠡᠨ ᠫᠠᠶᠢᠰᠠ ᠶᠢᠨ ᠳᠠᠩᠰᠠᠯᠠᠯᠲᠠ ᠶᠢ ᠪᠡᠶᠡᠯᠡᠭᠦᠯᠵᠦ᠂ ᠬᠤᠳᠠᠯᠳᠤᠭᠠᠨ ᠤ ᠦᠢᠯᠡᠴᠢᠯᠡᠭᠴᠢ ᠳᠤ ᠭᠠᠯ ᠰᠡᠷᠭᠡᠶᠢᠯᠡᠵᠦ ᠭᠠᠯ ᠤᠨᠲᠠᠷᠠᠭᠠᠬᠤ ᠪᠠᠭᠠᠵᠢ ᠬᠡᠷᠡᠭᠰᠡᠯ ᠢ ᠵᠥᠪ | ᠬᠡᠷᠡᠭᠯᠡᠬᠦ ᠶᠢ ᠵᠢᠭᠠᠵᠤ᠂ ᠬᠤᠳᠠᠯᠳᠤᠭᠠᠨ ᠤ ᠡᠷᠦᠭᠡ ᠳᠤ ᠠᠮᠤᠷ ᠲᠦᠪᠰᠢᠨ ᠤ ᠰᠠᠨᠠᠭᠤᠯᠤᠮᠵᠢ ᠥᠭᠴᠦ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠢ | ᠪᠠᠲᠤᠯᠠᠭᠰᠠᠨ ᠢᠶᠠᠷ ᠪᠠᠷᠠᠬᠤ ᠦᠭᠡᠢ᠂ ᠴᠠᠭᠳᠠᠭ᠎ᠠ ᠠᠷᠠᠳ ᠤᠨ ᠬᠤᠭᠤᠷᠣᠨᠳᠣᠭᠢ ᠵᠠᠢ ᠶᠢ ᠴᠤ ᠣᠶᠢᠷᠠᠲᠤᠭᠤᠯᠵᠠᠢ᠃ | ᠨᠠᠮ ᠤᠨ ᠭᠡᠰᠢᠭᠦᠨ ᠤ ︽ᠬᠠᠪᠰᠤᠷᠤᠨ ᠭᠦᠶᠦᠬᠦ ᠪᠠᠭ᠎ᠠ ᠠᠩᠭᠢ︾ ᠨᠢ ᠬᠠᠷᠢᠶ᠎ᠠ ᠣᠷᠣᠨ ᠤ ᠪᠠᠨ 514 ᠭᠤᠣᠯᠳᠠᠯᠭ᠎ᠠ ᠲᠠᠢ ᠠᠵᠤ ᠠᠬᠤᠶᠢᠯᠠᠯ ᠳᠤ ᠬᠠᠨᠳᠤᠯᠭ᠎ᠠ ᠲᠠᠢ | ᠦᠢᠯᠡᠴᠢᠯᠡᠭᠡ ᠬᠠᠩᠭᠠᠵᠤ᠂ ᠳᠣᠲᠣᠭᠠᠳᠤ ᠶᠢ ᠬᠠᠮᠠᠭᠠᠯᠠᠬᠤ ᠠᠵᠢᠯ ᠤᠨ ︽ᠬᠠᠯᠠᠭᠤᠨ ᠳᠤᠯᠠᠭᠠᠨ︾ ᠢᠶᠠᠷ ᠠᠵᠤ ᠠᠬᠤᠶᠢᠯᠠᠯ ᠤᠨ ᠦᠢᠯᠡᠳᠪᠦᠷᠢᠯᠡᠯ ᠤᠨ ︽ᠬᠤᠷᠳᠤᠴᠠ ᠶᠢ | ᠨᠡᠮᠡᠭᠳᠡᠭᠦᠯᠬᠦ︾ ᠶᠢ ᠳᠡᠭᠡᠭᠰᠢᠯᠡᠭᠦᠯᠦᠭᠰᠡᠨ ᠪᠠᠶᠢᠨ᠎ᠠ᠃ | ᠳ᠋ᠢᠩ ᠰᠢᠶᠠᠩ ᠳᠠᠬᠢ ᠲᠣᠮᠢᠯᠠᠭᠰᠠᠨ ᠰᠠᠯᠪᠤᠷᠢ ᠰᠢᠨ᠎ᠡ ᠴᠠᠭ ᠦᠶ᠎ᠡ ᠶᠢᠨ︽ᠹᠧᠩ ᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠤᠯᠠᠨ | ᠲᠦᠮᠡᠨ ᠳᠤ ᠴᠢᠩᠭ᠎ᠠ ᠲᠦᠰᠢᠭᠯᠡᠨ ᠰᠢᠨ᠎ᠡ ᠶᠢ ᠡᠭᠦᠳᠦᠨ ᠰᠦᠪᠡᠭᠴᠢᠯᠡᠵᠦ᠂ ︽ᠰᠢᠨ᠎ᠡ ᠴᠠᠭ ᠦᠶ᠎ᠡ ᠶᠢᠨ ᠴᠠᠭᠳᠠᠭ᠎ᠠ ᠶᠢᠨ ᠹᠧᠩ ᠴᠢᠶᠤᠤ ᠶᠢᠨ ᠬᠡᠪ ᠨᠠᠮᠪᠠ︾ ᠨᠠᠮ ᠤᠨ | ᠪᠠᠶᠢᠭᠤᠯᠤᠯᠲᠠ ᠶᠢᠨ ᠲᠦᠷᠦᠯ ᠲᠡᠮᠳᠡᠭ ᠢ ᠡᠭᠦᠳᠬᠦ ᠪᠠᠷ ᠳᠠᠮᠵᠢᠵᠤ᠂ ᠦᠢᠯᠡᠴᠢᠯᠡᠭᠡᠨ ᠤ ᠬᠡᠪ ᠵᠠᠭᠪᠤᠷ ᠢ ᠲᠠᠰᠤᠷᠠᠯᠲᠠ ᠦᠭᠡᠢ ᠰᠢᠨᠡᠴᠢᠯᠡᠵᠦ᠂ ᠦᠢᠯᠡᠴᠢᠯᠡᠭᠡᠨ ᠤ ᠶᠠᠰᠤ | ᠴᠢᠨᠠᠷ ᠢ ᠳᠡᠭᠡᠭᠰᠢᠯᠡᠭᠦᠯᠵᠦ᠂ ᠵᠢᠵᠢᠭ ᠰᠠᠵᠢᠭ ᠶᠠᠪᠤᠳᠠᠯ ᠳᠤ ᠬᠢᠨᠠᠮᠠᠭᠠᠢ ᠬᠠᠨᠳᠤᠨ᠂ ᠤᠯᠠᠨ ᠲᠦᠮᠡᠨ ᠳᠤ ᠦᠢᠯᠡᠴᠢᠯᠡᠬᠦ ︽ᠶᠡᠭᠡ ᠶᠠᠪᠤᠳᠠᠯ︾ ᠢ ᠰᠠᠶᠢᠲᠤᠷ ᠬᠢᠵᠦ᠂ ᠬᠠᠷᠢᠶ᠎ᠠ | ᠣᠷᠣᠨ ᠤ ᠤᠯᠠᠨ ᠲᠦᠮᠡᠨ ᠪᠣᠯᠣᠨ ᠠᠵᠤ ᠠᠬᠤᠶᠢᠯᠠᠯ ᠤᠨ ᠠᠮᠤᠷ ᠲᠦᠪᠰᠢᠨ ᠤ ᠲᠥᠷᠥᠭᠳᠡᠯ ᠪᠣᠯᠣᠨ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠵᠡᠢ᠃ | | |